ᠡᠮᠦᠨᠡᠲᠦ ᠲᠠᠪᠤᠨ ᠬᠤᠰᠢᠭᠤ ᠰᠢᠶᠠᠨ ᠤ ᠥᠳᠥᠨ ᠪᠥᠮᠪᠦᠭᠡ ᠶᠢᠨ ᠤᠷᠤᠯᠳᠤᠭᠠᠨ ᠪᠤᠯᠤᠭᠰᠠᠨ
ᠨᠡᠶᠢᠲᠡᠯᠡᠭᠰᠡᠨ ᠴᠠᠭ᠄
2024/8/26
  8 ᠰᠠᠷ᠎ᠠ ᠶᠢᠨ 24᠎ ᠤ ᠡᠳᠦᠷ ᠠᠴᠠ 25᠎ ᠤ ᠡᠳᠦᠷ ᠪᠣᠯᠲᠠᠯ᠎ᠠ  ᠂ ᠰᠢᠯᠢ ᠶᠢᠨ ᠭᠤᠤᠯ ᠠᠶᠢᠮᠠᠭ ᠤᠨ ᠡᠮᠦᠨᠡᠳᠦ ᠲᠠᠪᠤᠨ ᠬᠤᠰᠢᠭᠤ ᠰᠢᠶᠠᠨ ᠤ ᠠᠵᠢᠯᠲᠠᠨ ᠠᠵᠢᠯᠴᠢᠨ ᠤ ᠥᠳᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ  ᠲᠠᠶᠢᠹᠤᠰᠧ ᠬᠤᠰᠢᠭᠤᠨ ᠳᠤ ᠠᠮᠵᠢᠯᠲᠠ ᠲᠠᠢ ᠶᠠᠪᠤᠭᠳᠠᠵᠤ᠂ ᠲᠠᠪᠤᠨ ᠬᠤᠰᠢᠭᠤ ᠰᠢᠶᠠᠨ ᠠᠴᠠ ᠢᠷᠡᠭᠰᠡᠨ 11 ᠲᠥᠯᠥᠭᠡᠯᠡᠭᠴᠢᠳ ᠤᠨ ᠠᠩᠭᠢ ᠶᠢᠨ 130 ᠭᠠᠷᠤᠢ ᠬᠥᠮᠦᠨ ᠤᠷᠤᠯᠳᠤᠭᠠᠨ ᠳᠤ ᠤᠷᠤᠯᠴᠠᠵᠠᠢ᠃  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠶ᠂ ᠲᠤᠯᠤᠨ ᠨᠠᠭᠤᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠱᠸᠤ ᠹᠧᠩ᠂  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠲᠢᠩ ᠰᠢᠤ ᠵᠢᠴᠢ ᠡᠮᠦᠨᠡᠳᠦ ᠲᠠᠪᠤᠨ ᠬᠤᠰᠢᠭᠤ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠤᠷᠤᠯᠳᠤᠭᠠᠨ ᠢ ᠵᠠᠯᠠᠭᠤᠴᠤᠳ ᠤᠨ ᠳᠤᠭᠤᠶᠢᠯᠠᠩ ᠪᠠ ᠢᠳᠡᠷᠴᠤᠳ ᠤᠨ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠡᠷᠡᠭᠲᠡᠢ ᠡᠮᠡᠭᠲᠡᠢ ᠶᠢᠨ ᠬᠤᠣᠰᠯᠠᠨ ᠴᠣᠬᠢᠬᠤ᠂ ᠡᠷᠡᠭᠲᠡᠢ ᠶᠢᠨ ᠬᠤᠣᠰᠯᠠᠨ ᠴᠣᠬᠢᠬᠤ᠂  ᠡᠮᠡᠭᠳᠡᠢ ᠶᠢᠨ ᠬᠤᠣᠰᠯᠠᠨ ᠴᠣᠬᠢᠬᠤ  ᠭᠡᠵᠦ ᠭᠤᠷᠪᠠᠨ ᠲᠦᠷᠦᠯ  ᠲᠤᠬᠢᠷᠠᠭᠤᠯᠵᠠᠢ᠃ ᠤᠷᠤᠯᠳᠤᠭᠠᠨ ᠳᠤ ᠣᠷᠣᠯᠴᠠᠭᠰᠠᠳ ᠬᠠᠮᠲᠤ ᠨᠡᠶᠢᠳᠡ ᠶᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ ᠪᠦᠬᠦ ᠰᠡᠳᠬᠢᠯ ᠢᠶᠠᠷ ᠤᠷᠤᠯᠳᠤᠭᠠᠨ ᠳᠤ ᠣᠷᠣᠯᠴᠠᠵᠤ᠂ ᠲᠠᠮᠢᠷᠴᠢᠨ ᠤ ᠬᠡᠪ ᠨᠠᠮᠪᠠ ᠪᠣᠯᠤᠨ ᠬᠢᠷᠢ ᠲᠦᠪᠰᠢᠨ ᠢᠶᠠᠨ ᠢᠯᠡᠷᠡᠬᠦᠯᠦᠭᠡᠳ᠂ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠢ ᠬᠤᠪᠢᠶᠠᠯᠴᠠᠵᠠᠢ᠃ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠎ ᠤᠨ ᠱᠦᠵᠢ ᠳ᠋ᠦ᠋ ᠸᠧᠶ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠸᠧᠨ ᠴᠠᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠲᠢᠩ ᠰᠢᠤ ᠲᠡᠭᠦᠰᠬᠦ ᠶᠣᠰᠣᠯᠠᠯ ᠳᠤ ᠤᠷᠤᠯᠴᠠᠵᠤ ᠱᠠᠩᠨᠠᠯ ᠭᠠᠷᠳᠠᠭᠤᠯᠪᠠ᠃ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠎ ᠠᠴᠠ ᠭᠤᠤᠯᠯᠠᠨ ᠡᠷᠬᠢᠯᠡᠵᠦ᠂ ᠲᠠᠶᠢᠹᠤᠰᠧ ᠬᠤᠰᠢᠭᠤᠨ ᠤ ᠥᠳᠥᠨ ᠪᠦᠮᠪᠦᠭᠡ ᠶᠢᠨ ᠨᠡᠶᠢᠭᠡᠮᠯᠢᠭ ᠠᠴᠠ ᠬᠠᠮᠵᠢᠯᠴᠠᠨ ᠡᠷᠬᠢᠯᠡᠭᠰᠡᠨ ᠡᠨᠡ ᠤᠳᠠᠭᠠᠨ ᠤ ᠦᠳᠦᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠨᠢ ᠡᠯ᠎ᠡ ᠬᠤᠰᠢᠭᠤ ᠰᠢᠶᠠᠨ ᠤ ᠬᠤᠭᠤᠷᠣᠨᠳᠣᠬᠢ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠰᠣᠯᠢᠯᠴᠠᠭ᠎ᠠ ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠢ ᠴᠢᠩᠭᠠᠳᠬᠠᠨ  ᠠᠵᠢᠯᠲᠠᠨ ᠠᠵᠢᠯᠴᠢᠨ ᠤ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ  ᠪᠥᠬᠦ ᠠᠷᠠᠳ ᠢᠶᠠᠷ ᠢᠶᠠᠨ ᠴᠢᠭᠢᠷᠠᠭᠵᠢᠬᠤ ᠶᠢ ᠤᠯᠠᠮ ᠢᠳᠡᠪᠬᠢᠳᠡᠢ ᠠᠬᠢᠭᠤᠯᠬᠤ ᠪᠠᠷ ᠵᠤᠷᠢᠯᠭ᠎ᠠ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号