ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ — ᠪᠤᠤᠴᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/26
 ᠤᠶᠢᠷ᠎ᠠ ᠳᠤ᠂  ᠪᠤᠤᠴᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠨᠢ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠬᠤᠷᠢᠶᠠᠨ ᠤ ᠳᠡᠳ᠋ ᠱᠦᠵᠢ ᠯᠢᠦ ᠴᠢ᠂ ᠤᠬᠠᠭᠤᠯᠬᠤ ᠭᠡᠰᠢᠭᠦᠨ ᠯᠢᠦ ᠬᠤᠸᠠᠨ ᠴᠢᠩ᠂ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠰᠦᠨ ᠬᠠᠶ ᠶᠠᠨ ᠵᠢᠴᠢ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠎ ᠤ ᠲᠡᠷᠢᠭᠦᠯᠡᠭᠴᠢ᠂ ᠭᠦᠢᠴᠡᠳᠭᠡᠬᠦ ᠵᠦᠪᠯᠡᠯ ᠤᠨ ᠭᠡᠰᠢᠭᠦᠨ ᠬᠤᠷᠠᠯ ᠳᠤ ᠣᠷᠣᠯᠴᠠᠵᠠᠶ᠃ ᠯᠢᠦ ᠴᠢ ᠠᠴᠠ ᠭᠤᠷᠪᠠᠳᠤᠭᠠᠷ ᠪᠦᠬᠦᠳᠡ ᠬᠤᠷᠠᠯ ᠤᠨ ᠶᠡᠷᠦᠩᠬᠡᠢ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠬᠤ᠂ ᠶᠡᠷᠦᠩᠬᠡᠢ ᠱᠦᠵᠢ ᠰᠢ ᠶᠢᠨ ᠫᠢᠩ ᠤᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ︽ᠲᠣᠭᠲᠠᠭᠠᠯ︾᠎ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠶᠢᠯᠠᠭᠠᠬᠤ᠂ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ᠂ ᠴᠢᠬᠤᠯᠠ ᠠᠷᠭ᠎ᠠ ᠬᠡᠮᠵᠢᠶ᠎ᠡ ᠶᠢ ᠭᠦᠨᠵᠡᠭᠡᠢ    ᠡᠵᠡᠮᠰᠢᠬᠦ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠨ ᠤ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ 3 ᠬᠡᠰᠡᠭ ᠠᠴᠠ ᠭᠦᠨᠵᠡᠭᠡᠢ ᠤᠬᠠᠭᠤᠯᠤᠨ ᠲᠠᠶᠢᠯᠪᠤᠷᠢᠯᠠᠭᠰᠠᠨ ᠤ ᠬᠠᠮᠲᠤ᠂ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠨᠠᠷ ︽ᠬᠤᠶᠠᠷ ᠢ ᠲᠣᠭᠲᠠᠭᠠᠬᠤ︾᠎ ᠶᠢ ᠨᠡᠩ ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠬᠦᠯᠦᠨ᠂ ᠡᠮᠡᠭᠲᠡᠶᠢᠴᠦᠳ ᠤᠨ ᠬᠤᠯᠪᠤᠭᠠᠨ ᠤ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠤᠱᠯᠠᠭᠤᠯᠬᠤ ᠲᠠᠯ᠎ᠠ ᠪᠠᠷ ᠬᠤᠰᠢᠭᠤᠴᠢ ᠪᠤᠯᠵᠤ᠂ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠬᠤ ᠶᠠᠪᠤᠴᠠ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠵᠦ᠂ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠳᠠ ᠦᠬᠡᠢ ᠴᠢᠩᠭᠠᠳᠬᠠᠨ᠂ ︽ᠰᠢᠯᠢᠳᠡᠭ ᠰᠠᠶᠢᠨ ᠭᠡᠷ ᠤᠨ ᠰᠤᠷᠲᠠᠯ︾᠎ ᠢᠶᠠᠷ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠳᠠᠷᠠᠭᠠᠴᠢ ᠶᠢᠨ ᠠᠯᠬᠤᠮ ᠳᠤ᠂ ᠪᠤᠤᠴᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠎ ᠨᠢ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠡᠮᠡᠭᠲᠡᠶᠢᠴᠦᠳ ᠤᠨ ᠬᠤᠯᠪᠤᠭᠠᠨ ᠤ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂  ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠮᠡᠭᠳᠡᠢ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠬᠦ ᠭᠡᠷᠡᠭᠳᠡᠢ᠃ ᠡᠭᠦᠨ ᠤ ᠬᠠᠮᠲᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠶᠢ ᠤᠯᠠᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠶᠠᠨ ᠵᠠᠮ ᠳᠤ  ︽ᠲᠦᠷᠦ ᠶᠢᠨ ᠬᠠᠭᠠᠰ ᠬᠠᠭᠠᠰ ᠲᠤᠯᠭᠠᠭᠤᠷᠢ︾᠎ ᠶᠢᠨ ᠬᠦᠴᠦᠨ ᠴᠢᠳᠠᠯ ᠢᠶᠠᠨ ᠡᠷᠬᠦᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号