8 ᠰᠠᠷ᠎ᠠ ᠶᠢᠨ 22 ᠤᠨ ᠡᠳᠦᠷ᠂ ᠲᠠᠶᠢᠹᠤᠰᠧ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ | ᠬᠤᠷᠠᠯᠳᠤᠭᠤᠯᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠯᠢ ᠴᠦᠨ ᠭᠤᠸᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ | ᠯᠢ ᠵᠠᠨ ᠪᠦᠦ ᠬᠤᠷᠠᠯ ᠢ ᠡᠷᠭᠢᠯᠡᠪᠡ᠃ ᠪᠣᠯᠪᠠᠰᠤᠷᠠᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠲᠤᠪᠴᠢᠶᠠᠨ ᠬᠠᠪᠰᠤᠷᠤᠨ ᠲᠡᠳᠬᠦᠬᠦ ᠰᠠᠯᠠᠭᠠᠨ ᠤ ᠳᠠᠷᠤᠭ᠎ᠠ ᠵᠣᠣ ᠯᠢ ᠫᠢᠩ ᠢ ᠤᠷᠢᠵᠤ ︽ᠡᠷᠬᠢᠨ ᠬᠠᠷᠠᠬᠤ︾ | ᠪᠠᠶᠢᠴᠠᠭᠠᠯᠳᠠ ᠶᠢᠨ ᠠᠵᠢᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠰᠢᠰᠲ᠋ᠧᠮ ᠲᠠᠢ | ᠵᠢᠯᠣᠭᠤᠳᠣᠯᠭ᠎ᠠ ᠬᠢᠯᠬᠡᠵᠡᠢ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ | ᠴᠡᠭᠴᠡᠯᠡᠵᠦ᠂ ᠳᠤᠲᠠᠭᠤᠳᠠᠯ ᠢᠶᠠᠨ ᠨᠦᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠪᠠᠷ ᠡᠯ᠎ᠡ ᠲᠦᠷᠦᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠪᠦᠲᠦᠮᠵᠢᠲᠡᠢ ᠵᠣᠯᠭᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠲᠡᠭᠡᠷ᠎ᠡ᠂ | ᠣᠶᠢᠷ᠎ᠠ ᠶᠢᠨ ᠬᠤᠭᠤᠴᠠᠭᠠᠨ ᠤ ᠬᠤᠰᠢᠭᠤ ᠱᠠᠲᠤᠨ ᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠤᠤᠯ | ᠠᠰᠠᠭᠤᠳᠠᠯ ᠢ ᠵᠠᠷᠯᠠᠨ ᠮᠡᠳᠡᠭᠳᠡᠪᠡ᠃ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ 79 ᠭᠤᠤᠯᠳᠠᠯᠭ᠎ᠠ ᠲᠠᠢ ᠭᠠᠴᠠᠭ᠎ᠠ ᠲᠣᠰᠬᠤᠨ ᠤ ᠨᠢᠭᠡᠳᠦᠭᠡᠷ | ᠱᠦᠵᠢ ︵ᠠᠵᠢᠯᠯᠠᠬᠤ ᠠᠩᠬᠢ ᠶᠢᠨ ᠳᠠᠷᠤᠭ᠎ᠠ︶ ᠬᠤᠷᠠᠯ ᠳᠤ ᠣᠷᠣᠯᠴᠠᠵᠠᠶ᠃ |