ᠶᠦᠩ ᠹᠧᠩ ᠪᠠᠯᠭᠠᠰᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/8/26
  8 ᠰᠠᠷ᠎ᠠ ᠶᠢᠨ 21 ᠤ ᠡᠳᠦᠷ᠂ ᠶᠦᠩ ᠹᠧᠩ ᠪᠠᠯᠭᠠᠰᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠢᠶᠠ ᠵᠢᠶᠦ᠋ᠨ ᠮᠧᠶ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠬᠤᠷᠠᠯ ᠳᠤ ᠣᠷᠣᠯᠴᠠᠵᠠᠶ᠃ ᠬᠤᠷᠠᠯ ᠠᠴᠠ᠂ ᠡᠯ᠎ᠡ ᠲᠣᠰᠬᠤᠨ ᠤ ᠬᠢᠨ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠳᠦᠷᠢᠮ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠠᠶᠢᠩᠭᠤᠵᠢᠵᠤ ᠲᠦᠷᠢᠮᠵᠢᠬᠦ ᠶᠢ ᠪᠠᠲᠤᠯᠠᠬᠤ ᠬᠡᠷᠡᠭᠲᠡᠶ᠃ ᠨᠢᠭᠡ ᠳᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠲᠦᠷᠢᠮ  ᠲᠤᠭᠳᠠᠭᠠᠯ ᠤᠨ ᠶᠣᠰᠣᠭᠠᠷ ᠠᠵᠢᠯ ᠢᠶᠠᠨ ᠥᠷᠨᠢᠭᠦᠯᠵᠦ᠂ ︽ᠢᠯᠡ ᠪᠣᠯᠭᠠᠬᠤ ᠶᠣᠰᠣᠲᠠᠶ ᠶᠢ ᠨᠢ ᠪᠦᠬᠦᠨ ᠢ ᠢᠯᠡ ᠪᠣᠯᠭᠠᠬᠤ︾ ᠶᠢ ᠪᠡᠶᠡᠯᠡᠬᠦᠯᠦᠨ᠂ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ  ᠪᠠ ︽ᠭᠤᠷᠪᠠᠨ ᠶᠠᠪᠤᠳᠠᠯ︾ ᠢ ᠢᠯᠡ ᠪᠣᠯᠭᠠᠬᠤ ᠸᠢᠴᠠᠲ ᠤᠨ ᠴᠤᠭᠯᠠᠷᠠᠯ ᠵᠡᠷᠭᠡ ᠢᠯᠡ ᠪᠣᠯᠭᠠᠬᠤ ᠠᠷᠭ᠎ᠠ ᠵᠠᠮ ᠢ ᠭᠦᠢᠴᠡᠳ ᠠᠰᠢᠭᠯᠠᠨ᠂ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ  ᠬᠢᠨᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠦᠷᠨᠢᠬᠦᠯᠦᠨ ︽ᠭᠤᠷᠪᠠᠨ ᠶᠠᠪᠤᠳᠠᠯ︾ ᠢ ᠢᠯᠡ ᠪᠣᠯᠭᠠᠬᠤ ᠥᠬᠡᠶ᠂ ᠬᠠᠭᠤᠷᠮᠠᠭ ᠢᠶᠠᠷ ᠢᠯᠡ ᠪᠣᠯᠭᠠᠬᠤ ᠵᠡᠷᠭᠡ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂  ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂  ᠴᠠᠭ ᠲᠤᠬᠠᠶ ᠳᠤᠨᠢ ᠨᠡᠶᠢᠳᠡᠯᠡᠭᠰᠡᠨ ᠦᠬᠡᠢ᠂  ᠨᠡᠶᠢᠳᠡᠯᠡᠭᠰᠡᠨ ᠨᠢ ᠲᠦᠷᠢᠮᠵᠢᠬᠦᠨ ᠪᠤᠰᠤ ᠪᠤᠯ ᠬᠠᠮᠢᠶ᠎ᠠ ᠪᠥᠬᠦᠶ ᠲᠦᠷᠢᠮ ᠲᠣᠭᠲᠠᠭᠠᠯ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号