ᠲᠠᠶᠢᠹᠤᠰᠧ ᠬᠤᠰᠢᠭᠤ ᠦᠨᠳᠦᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/27
  2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ  ᠲᠡᠭᠡᠭᠰᠢᠯᠡᠬᠦᠯᠦᠨ᠂ ᠨᠢᠭᠡ ᠪᠦᠯᠦᠭ ᠰᠣᠶᠣᠯ ᠲᠠᠢ ᠮᠡᠷᠭᠡᠵᠢᠯ ᠲᠠᠢ ᠡᠵᠡᠩᠨᠡᠵᠦ ᠬᠠᠮᠢᠶᠠᠷᠬᠤ ᠳᠠᠭᠠᠨ ᠴᠢᠳᠠᠮᠠᠭᠠᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠶᠢᠨ ᠲᠥᠯᠥᠭᠡ᠂ 8 ᠰᠠᠷ᠎ᠠ ᠶᠢᠨ 22 ᠤᠨ ᠡᠳᠦᠷ  ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠨᠢ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ ᠬᠦᠨᠵᠡᠬᠡᠶᠢᠷᠡᠵᠦ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠡᠨᠡ  ᠤᠳᠠᠭᠠᠨ ᠤ ᠪᠣᠯᠪᠠᠰᠤᠷᠠᠯ ᠳᠤ  ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠲᠠᠩ ᠵᠧ ᠯᠢᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ  ᠲᠤᠪᠴᠢᠶᠠᠨ ᠤ ᠳᠡᠭᠡᠳᠦ ᠵᠡᠷᠭᠡ ᠶᠢᠨ ᠮᠠᠯ ᠤᠨ ᠡᠮᠴᠢ ᠪᠣᠯᠤᠨ ᠨᠤᠲᠤᠭ ᠤᠨ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯ ᠤᠷᠤᠭᠤᠯᠵᠠᠢ᠃  ᠪᠤᠯᠪᠠᠰᠤᠷᠠᠯ ᠲᠡᠭᠡᠷ᠎ᠡ᠂ ᠶᠠᠭᠤᠨ ᠤ ᠤᠷᠢᠳ ︽ᠲᠠᠶᠢᠹᠤᠰᠧ ᠬᠤᠰᠢᠭᠤᠨ ᠤ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠪ︾ ᠲᠤ ᠲᠠᠶᠢᠯᠤᠮᠵᠢ ᠬᠢᠭᠰᠡᠨ ᠪᠦᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠪᠠ ᠨᠠᠮ ᠤᠨ ᠦᠨᠳᠦᠰᠦᠲᠡᠨ ᠤ ᠤᠨᠤᠯ᠂ ᠲᠦᠷᠦ ᠶᠢᠨ ᠪᠤᠳᠤᠯᠭ᠎ᠠ᠂ ᠬᠠᠤᠯᠢ ᠲᠦᠷᠢᠮ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠳᠠᠷᠠᠭ᠎ᠠ ᠨᠢ ᠲᠤᠰᠬᠠᠶ ᠮᠡᠷᠭᠡᠵᠢᠯᠲᠡᠨ ᠠᠴᠠ ᠣᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠵᠤ᠂ ᠲᠥᠮᠥᠰᠥ ᠨᠤᠭᠤᠭᠠᠨ ᠤ ᠡᠪᠡᠳᠴᠢᠨ ᠬᠡᠮ ᠢ ᠰᠡᠷᠭᠡᠶᠢᠯᠡᠨ ᠵᠠᠰᠠᠬᠤ᠂ ᠮᠢᠬᠠᠨ ᠤ ᠦᠬᠡᠷ ᠢ ᠲᠡᠵᠢᠭᠡᠨ ᠠᠷᠠᠴᠢᠯᠠᠬᠤ᠂ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠡᠷᠭᠡ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃ ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂ ᠲᠣᠰᠬᠤᠨ ᠤ ᠠᠷᠠᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠤᠭᠳᠠᠬᠤᠨ ᠢ ᠤᠯᠠᠮ ᠰᠠᠶᠢᠨ ᠤᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠶᠢᠨ ᠠᠴᠢ ᠬᠤᠯᠪᠣᠭᠳᠠᠯ ᠪᠠ ᠨᠠᠮ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠤᠨ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠲᠡᠷᠢᠭᠦᠨ ᠤ ᠣᠶᠢᠯᠠᠭᠠᠭᠳᠠᠬᠤᠨ ᠪᠠ ᠮᠡᠳᠡᠯᠭᠡ ᠴᠢᠳᠠᠪᠤᠷᠢ ᠶᠢ ᠪᠠᠳᠤᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠳ᠋ᠠ ᠭᠧ ᠳ᠋ᠦᠩ ᠲᠣᠰᠬᠤᠨ ᠤ 60 ᠭᠠᠷᠤᠢ  ᠲᠠᠷᠢᠶᠠᠴᠢᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号