ᠵᠤᠨ ᠤ ᠤᠯᠠᠷᠢᠯ ᠤᠨ ᠴᠡᠭᠴᠡᠯᠡᠯᠳᠡ ᠶᠢ ᠦᠷᠨᠢᠬᠦᠯᠵᠦ ᠠᠮᠤᠷ ᠠᠮᠤᠭᠤᠯᠠᠩ ᠤᠨ ᠪᠠᠶᠢᠭᠤᠯᠤᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/27
  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠤᠨ ᠣᠨᠴᠠᠯᠢᠭ ᠲᠤ ᠴᠢᠭᠯᠡᠬᠦᠯᠦᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠭᠦᠨᠵᠡᠭᠡᠶᠢᠷᠡᠨ ᠡᠷᠡᠰ ᠴᠢᠩᠭ᠎ᠠ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠨ ᠴᠡᠭᠴᠡᠯᠡᠬᠦ  ᠪᠠᠨ ᠴᠢᠩᠭᠠᠳᠬᠠᠵᠤ᠂  ᠪᠦᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠨ  ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠬᠦᠯᠵᠦ ᠪᠤᠢ᠃    ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠥᠨᠳᠥᠷ ᠵᠣᠭᠰᠣᠴᠠ ᠠᠴᠠ ᠰᠢᠷᠦᠭᠦᠨ ᠳᠠᠭᠠᠷᠢᠯᠲᠠ ᠬᠢᠭᠰᠡᠨ᠃  ᠶᠠᠭᠤᠨ ᠤ ᠤᠷᠢᠳ᠂ ︽ᠵᠣᠨ ᠤ ᠴᠡᠭᠴᠡᠯᠡᠯᠳᠡ︾ ᠶᠢᠨ ᠪᠠᠶᠢᠷᠢᠯᠠᠭᠤᠯᠤᠯᠲᠠ ᠶᠢᠨ ᠬᠤᠷᠠᠯ   ᠢ ᠬᠤᠷᠠᠯᠳᠤᠭᠤᠯᠵᠤ᠂ ᠤᠯᠤᠰ ᠤᠷᠤᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠷᠠᠯ ᠴᠤᠭᠯᠠᠭᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ  ᠤᠯᠠᠮᠵᠢᠯᠠᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ  ᠶᠠᠷᠢᠯᠴᠠᠨ ᠰᠤᠳᠤᠯᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠤᠯᠠᠮ ᠨᠠᠷᠢᠯᠢᠬᠵᠢᠭᠤᠯᠤᠨ᠂ ᠤᠳᠤᠷᠢᠳᠬᠤ ᠳᠤᠭᠤᠶᠢᠯᠠᠩ ᠢ ᠲᠠᠷᠤᠶᠢᠬᠠᠨ ᠪᠠᠶᠢᠭᠤᠯᠵᠤ᠂ ᠠᠵᠢᠯ ᠤᠨ ᠲᠦᠰᠦᠪ ᠲᠦᠯᠦᠪᠯᠡᠭᠡ  ᠶᠢ ᠲᠤᠭᠳᠠᠭᠠᠵᠤ ᠨᠡᠶᠢᠳᠡᠯᠡᠭᠰᠡᠨ ᠪᠦᠭᠡᠳ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠠᠵᠢᠯ ᠡᠭᠦᠷᠭᠡ ᠶᠢ ᠲᠤᠳᠤᠷᠬᠠᠶᠢᠯᠠᠵᠤ ᠪᠠᠶᠢᠷᠢᠯᠠᠭᠤᠯᠤᠨ᠂ ᠥᠨᠳᠥᠷ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠡᠳᠦᠷ ᠲᠤ ᠨᠢᠭᠡ ᠤᠳᠠᠭ᠎ᠠ ᠬᠤᠷᠢᠶᠠᠩᠭᠤᠶᠢᠯᠠᠬᠤ᠂ ᠭᠠᠷᠠᠭ ᠲᠤ ᠨᠢᠭᠡ ᠤᠳᠠᠭ᠎ᠠ ᠲᠣᠬᠢᠷᠠᠭᠤᠯᠬᠤ᠂ ᠰᠠᠷ᠎ᠠ ᠳᠤ ᠨᠢᠭᠡ ᠤᠳᠠᠭ᠎ᠠ ᠠᠬᠢᠭᠤᠯᠬᠤ ᠬᠤᠷᠠᠯ ᠤᠨ ᠲᠦᠷᠢᠮ ᠢ ᠭᠡᠷᠡᠭᠵᠢᠬᠦᠯᠵᠦ᠂ ᠠᠵᠢᠯ ᠤᠨ ᠠᠬᠢᠴᠠ ᠠᠮᠵᠢᠯᠳᠠ ᠶᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠭᠤᠤᠯ ᠨᠢᠭᠤᠷ ᠲᠤ ︽ᠵᠣᠨ ᠤ ᠤᠯᠠᠷᠢᠯ ᠤᠨ ᠠᠵᠢᠯᠯᠠᠭᠠᠨ ᠤ ᠲᠤᠰᠬᠠᠶ ᠪᠤᠯᠤᠩ︾ ᠭᠠᠷᠭᠠᠵᠤ᠂ ᠲᠤᠰᠬᠠᠶ ᠲᠦᠷᠦᠯ ᠤᠨ ᠮᠡᠳᠡᠭᠡ ᠵᠠᠩᠭᠢ ᠶᠢ 30 ᠭᠠᠷᠤᠶ ᠵᠤᠷᠪᠤᠰ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠲᠣᠰ ᠲᠣᠪᠴᠢᠶ᠎ᠠ ᠶᠢᠨ ᠳᠣᠲᠣᠭᠠᠳᠤ ᠶᠢ ᠬᠠᠮᠠᠭᠠᠯᠠᠬᠤ  ᠠᠵᠢᠯ ᠤᠨ ᠰᠦᠯᠵᠢᠶᠡᠨ ᠳᠤ ︽ᠵᠣᠨ ᠤ ᠴᠡᠭᠴᠡᠯᠡᠯᠳᠡ︾ ᠶᠢᠨ ᠮᠡᠳᠡᠭᠡ ᠵᠠᠩᠭᠢ ᠶᠢ 90 ᠭᠠᠷᠤᠶ ᠵᠤᠷᠪᠤᠰ ᠨᠡᠶᠢᠲᠡᠯᠡᠵᠦ᠂ ᠭᠠᠵᠠᠷ ᠪᠣᠯᠭᠠᠨ ᠳᠤ ᠦᠷ᠎ᠡ ᠪᠦᠲᠦᠮᠵᠢ ᠶᠢ ᠠᠳᠬᠤᠬᠤ᠂ ᠤᠴᠢᠷ ᠪᠣᠯᠭᠠᠨ ᠳᠤ ᠲᠡᠷᠢᠭᠦᠨ ᠤ ᠬᠢ ᠶᠢ ᠲᠡᠮᠡᠴᠡᠨ ᠤᠯᠬᠤ ᠠᠵᠢᠯ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠪᠣᠶ ᠪᠣᠯᠭᠠᠪᠠ᠃ ᠡᠬᠦᠨ ᠤ ᠬᠠᠮᠳᠤ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠠᠷ ᠨᠢᠭᠡᠴᠢ ᠪᠣᠯᠭᠠᠨ ᠪᠠᠶᠢᠯᠳᠤᠬᠤ ᠳᠤᠭᠤᠶᠢᠯᠠᠩ ᠬᠤᠪᠢᠶᠠᠵᠤ᠂ ᠲᠤᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠠᠷᠠᠭ  ᠲᠤ ᠠᠳᠠᠭ ᠲᠠᠭᠠᠨ ᠨᠢᠭᠡ ᠤᠳᠠᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠪᠠᠶᠢᠷᠢᠯᠠᠭᠤᠯᠤᠨ ᠳᠠᠶᠢᠴᠢᠯᠠᠬᠤ᠂ ᠵᠠᠳᠠᠯᠤᠨ ᠮᠠᠭᠠᠳᠯᠠᠬᠤ᠂  ᠪᠠᠶᠢᠴᠠᠭᠠᠨ ᠵᠢᠯᠤᠭᠤᠳᠬᠤ ᠠᠵᠢᠯ ᠢ ᠥᠷᠨᠢᠭᠦᠯᠵᠦ᠂ ᠠᠷᠭ᠎ᠠ ᠠᠪᠴᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ᠂ ᠳᠡᠭᠡᠳᠦ ᠳᠣᠤᠷᠠᠳᠤ ᠱᠠᠲᠤ ᠠᠯᠬᠤᠮ ᠢᠶᠠᠨ ᠨᠢᠭᠡᠳᠬᠡᠵᠦ᠂ ᠨᠠᠷᠢᠯᠢᠭ ᠣᠨᠣᠴᠠᠲᠠᠶ ᠪᠠᠷ ᠳᠥᠯᠭᠢᠨ ᠠᠬᠢᠭᠤᠯᠵᠠᠢ᠃    ᠴᠣᠬᠢᠯᠲᠠ ᠥᠭᠴᠦ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠶᠠᠯ᠎ᠠ ᠬᠢᠬᠦ ᠣᠷᠣᠨ ᠵᠠᠢ ᠶᠢ ᠰᠢᠬᠠᠵᠤ ᠪᠠᠭᠠᠰᠬᠠᠭᠰᠠᠨ᠃  ᠣᠯᠠᠨ ᠲᠦᠮᠡᠨ ᠤ ᠲᠤᠰᠬᠠᠯ ᠶᠡᠭᠡ᠂ ᠤᠯᠠᠷᠢᠯ ᠤᠨ ᠴᠢᠨᠠᠷ ᠢᠶᠠᠷ ᠢᠯᠡᠷᠬᠡᠶ ᠬᠠᠤᠯᠢ  ᠵᠥᠷᠢᠴᠡᠭᠰᠡᠨ ᠶᠠᠯᠠᠲᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠱᠠᠭᠠᠷᠳᠠᠨ ᠰᠢᠢᠳᠪᠦᠷᠢᠯᠡᠭᠦᠯᠦᠭᠰᠡᠨ ᠳᠠᠷᠤᠭᠳᠠᠮᠠᠯ ᠬᠡᠷᠡᠭ᠂ ᠬᠤᠩ ᠴᠢ ᠪᠠᠯᠭᠠᠰᠤᠨ ᠤ ᠴᠢᠮᠡᠭᠡ ᠬᠤᠯᠪᠤᠭᠠᠨ ᠤ ᠲᠦᠬᠦᠭᠡᠷᠦᠮᠵᠢ   ᠶᠢᠨ ᠬᠤᠯᠠᠭᠠᠶᠢᠯᠠᠭᠳᠠᠭᠰᠠᠨ ᠬᠡᠷᠡᠭ᠂ ᠵᠠᠩ ᠣᠪᠣᠭᠲᠤ ᠶᠢᠨ ᠡᠳ᠋ ᠬᠦᠷᠦᠩᠭᠡ ᠪᠠᠨ ᠬᠤᠯᠠᠭᠠᠶᠢᠯᠠᠭᠳᠠᠭᠰᠠᠨ ᠬᠡᠷᠡᠭ ᠢ ᠪᠠᠶᠢᠴᠠᠭᠠᠨ ᠢᠯᠡᠷᠡᠬᠦᠯᠦᠭᠡᠳ᠂  ᠢᠯᠡᠷᠭᠡᠢ ᠦᠷ᠎ᠡ ᠠᠮᠵᠢᠯᠳᠠ ᠤᠯᠤᠭᠰᠠᠨ ᠪᠠᠶᠢᠨ᠎ᠠ  ᠃ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ 22 ᠡᠷᠡᠭᠦᠦ ᠶᠢᠨ ᠬᠡᠷᠡᠭ ᠢ ᠲᠠᠩᠨᠠᠨ ᠢᠯᠡᠷᠡᠭᠦᠯᠵᠦ᠂ 18 ᠰᠡᠵᠢᠭᠳᠡᠨ ᠢ ᠪᠠᠷᠢᠪᠴᠢᠯᠠᠵᠤ᠂ 58 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠬᠦᠯᠢᠶᠡᠨ ᠠᠪᠴᠤ᠂ ᠬᠠᠤᠯᠢ ᠵᠥᠷᠢᠴᠡᠭᠰᠡᠨ 8 ᠬᠥᠮᠦᠨ ᠢ ᠪᠠᠶᠢᠴᠠᠭᠠᠨ ᠰᠢᠢᠳᠪᠦᠷᠢᠯᠡᠪᠡ᠃ ᠡᠯ᠎ᠡ ᠠᠵᠢᠯ ᠲᠥᠷᠥᠯ ᠤᠨ ᠬᠦᠷᠢᠶᠡᠨ ᠤ ᠲᠣᠭᠲᠠᠭᠤᠨ ᠪᠤᠰᠤ ᠬᠦᠴᠦᠨ ᠵᠦᠢᠯ ᠵᠢᠴᠢ ᠲᠣᠪᠤᠶᠢᠮ᠎ᠠ ᠪᠠᠶᠢᠳᠠᠯ ᠳᠤ ᠠᠩᠬᠠᠷᠤᠯ ᠲᠠᠯᠪᠢᠵᠤ᠂ ᠵᠥᠷᠢᠴᠡᠯ ᠬᠤᠷᠴᠠᠳᠬᠤ ᠶᠢ ᠰᠡᠷᠭᠡᠶᠢᠯᠡᠬᠦ ᠶᠢᠨ ᠬᠠᠮᠲᠤ ᠠᠮᠤᠷ ᠲᠦᠪᠰᠢᠨ ᠤ ᠳᠠᠯᠳᠠ ᠬᠡᠮ ᠤᠨ ᠪᠠᠶᠢᠴᠠᠭᠠᠯᠳᠠ ᠪᠠ ᠴᠡᠭᠴᠡᠯᠡᠯᠳᠡ ᠶᠢ ᠭᠦᠨᠵᠡᠭᠡᠶ ᠦᠷᠨᠢᠬᠦᠯᠦᠨ᠂ ᠭᠤᠤᠯᠳᠠᠯᠭ᠎ᠠ ᠲᠠᠢ ᠭᠠᠵᠠᠷ᠂ ᠭᠤᠤᠯᠳᠠᠯᠭ᠎ᠠ ᠲᠠᠢ ᠨᠢᠭᠡᠴᠡ᠂ ᠬᠥᠮᠦᠨ ᠤᠯᠠᠨᠳᠠᠢ ᠲᠠᠯᠠᠪᠤᠷ ᠲᠤ ᠴᠢᠭᠯᠡᠬᠦᠯᠵᠦ ︽ᠳᠥᠷᠪᠡᠨ ᠲᠣᠭᠲᠠᠴᠠ︾ ᠪᠠ ︽1᠂ 3᠂ 5 ᠮᠢᠨᠦ᠋ᠲ︾ ᠤᠨ ᠲᠦᠷᠭᠡᠨ ᠬᠦᠳᠡᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠡᠷᠲᠡ ᠢᠯᠡᠷᠡᠬᠦᠯᠬᠦ᠂ ᠡᠷᠲᠡ ᠡᠵᠡᠮᠳᠡᠬᠦ᠂ ᠡᠷᠲᠡ ᠰᠢᠢᠳᠪᠦᠷᠢᠯᠡᠬᠦ ᠶᠢ ᠪᠡᠶᠡᠯᠡᠬᠦᠯᠵᠡᠢ᠃     ᠬᠡᠮ ᠰᠣᠭᠤᠭ ᠤᠨ ᠪᠠᠶᠢᠴᠠᠭᠠᠯᠳᠠ ᠶᠢ ᠴᠢᠩᠭᠠᠳᠬᠠᠵᠤ ᠠᠮᠤᠷ ᠲᠣᠭᠲᠠᠭᠤᠨ ᠢ ᠦᠨᠡᠨᠬᠦ ᠪᠠᠳᠤᠯᠠᠭᠰᠠᠨ᠃  ᠲᠤᠳᠤᠭᠠᠳᠤ ᠶᠢ ᠬᠠᠮᠠᠭᠠᠯᠬᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠳᠠᠭᠠᠨ ᠰᠠᠭᠤᠷᠢᠯᠠᠨ ︽ᠶᠢᠰᠦᠨ ᠵᠢᠵᠢᠭ ᠲᠠᠯᠠᠪᠤᠷ︾᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠨᠡᠶᠢᠲᠡ ᠶᠢᠨ ᠮᠠᠰᠢᠨ ᠤ ᠥᠷᠲᠡᠭᠡ᠂ ᠡᠳ᠋ ᠪᠠᠷᠠᠭᠠᠨ ᠤ ᠭᠦᠢᠯᠭᠡᠭᠡᠨ ᠤ ᠲᠠᠯᠠᠪᠠᠢ ᠵᠡᠷᠭᠡ ᠭᠤᠤᠯᠳᠠᠯᠭ᠎ᠠ ᠲᠠᠢ ᠭᠠᠵᠠᠷ ᠤᠷᠤᠨ ᠳᠤ ᠭᠦᠨᠵᠡᠭᠡᠶᠢᠷᠡᠵᠦ᠂ ᠲᠥᠪᠯᠡᠷᠡᠭᠦᠯᠦᠨ ᠪᠠᠶᠢᠴᠠᠭᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠭᠤᠤᠯᠳᠠᠯᠭ᠎ᠠ ᠲᠠᠢ ᠭᠠᠵᠠᠷ ᠢ ᠲᠤᠭᠤᠷᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ 20 ᠭᠠᠷᠤᠶ ᠬᠡᠮ ᠰᠤᠭᠤᠭ ᠤᠨ ᠠᠰᠠᠭᠤᠳᠠᠯ ᠢ ᠪᠠᠶᠢᠴᠠᠭᠠᠨ ᠴᠡᠭᠴᠡᠯᠡᠭᠰᠡᠨ ᠪᠠᠶᠢᠨ᠎ᠠ  ᠃  ︽1+N︾ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠶᠡᠷᠦᠩᠬᠡᠶᠢᠯᠡᠨ ᠬᠡᠷᠡᠭᠯᠡᠵᠦ᠂ ᠨᠡᠶᠢᠬᠡᠮ ᠲᠤᠭᠤᠷᠢᠭ ᠤᠨ ᠠᠵᠢᠯᠳᠠᠨ᠂ ᠭᠠᠴᠠᠭ᠎ᠠ ᠲᠣᠰᠬᠤᠨ ᠤ ᠺᠠᠳ᠋ᠷ ᠵᠡᠷᠭᠡ ᠶᠢᠨ ᠳᠠᠪᠠᠭᠤᠯᠢᠭ ᠢ ᠭᠦᠢᠴᠡᠳ ᠳᠠᠶᠢᠴᠢᠯᠠᠨ᠂  ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠳᠤᠷᠠᠵᠤ ᠪᠠᠶᠢᠭᠠᠳ ᠲᠦᠭᠰᠢᠭᠦᠷᠢ ᠲᠠᠢ ᠬᠥᠮᠦᠰ ᠲᠤ ᠴᠠᠭ ᠲᠤᠬᠠᠶ ᠳᠤᠨᠢ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ 20 ᠭᠠᠷᠤᠶ ᠤᠳᠠᠭᠠᠨ ᠤ ᠵᠥᠷᠢᠴᠡᠯ ᠵᠢᠭᠤᠷᠠᠭᠠᠨ ᠢ ᠡᠶ᠎ᠡ ᠡᠪᠳᠡᠢ ᠰᠢᠢᠳᠪᠦᠷᠢᠯᠡᠭᠡᠳ᠂  ᠬᠡᠲᠦᠷᠡᠮᠡᠬᠡᠢ ᠬᠡᠷᠡᠭ ᠤᠴᠢᠷ ᠭᠠᠷᠬᠤ ᠶᠢ ᠴᠢᠩᠭ᠎ᠠ ᠰᠡᠷᠭᠡᠶᠢᠯᠡᠪᠡ᠃ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠬᠠᠷᠠᠯᠲᠠ ᠶᠢᠨ ᠲᠣᠭᠤᠷᠢᠨ ᠳᠤ᠂ ︽ᠬᠤᠶᠠᠷ ᠢ ᠬᠡᠲᠦᠷᠡᠭᠦᠯᠵᠦ ᠨᠢᠭᠡ ᠶᠢ ᠵᠥᠷᠢᠴᠡᠬᠦ︾ ᠦᠵᠡᠭᠳᠡᠯ ᠤᠨ ᠲᠤᠰᠬᠠᠶ  ᠴᠡᠭᠴᠡᠯᠡᠯᠳᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠮᠠᠯ ᠵᠠᠮ ᠤᠨ ᠲᠤᠪᠤᠶᠢᠮ᠎ᠠ ᠲᠦᠭᠰᠢᠬᠦᠷᠢ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠬᠦᠨᠳᠦ ᠶᠡᠭᠡ ᠬᠡᠮ ᠰᠤᠭᠤᠭ ᠪᠣᠯᠤᠨ ᠬᠥᠳᠡᠭᠡ ᠲᠣᠰᠬᠤᠨ ᠤ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠬᠤᠶᠠᠷ ᠢ ᠪᠠᠭᠤᠷᠠᠭᠤᠯᠬᠤ᠂ ᠨᠢᠭᠡ ᠶᠢ ᠦᠯᠦ ᠡᠬᠦᠰᠬᠡᠬᠦ︾ ᠠᠵᠢᠯ ᠤᠨ ᠬᠠᠷᠠᠯᠲᠠ ᠶᠢ ᠪᠡᠶᠡᠯᠡᠬᠦᠯᠵᠡᠢ᠃ ᠡᠨᠡ  ᠬᠤᠭᠤᠴᠠᠭᠠᠨ ᠳᠤ ᠠᠷᠢᠬᠢ ᠤᠤᠭᠤᠵᠤ ᠲᠡᠷᠭᠡ ᠵᠢᠯᠣᠭᠤᠳᠤᠭᠰᠠᠨ 40 ᠬᠡᠷᠡᠭ  ᠂ ᠦᠨᠡᠮᠯᠡᠯ ᠦᠭᠡᠢ ᠪᠠᠷ ᠵᠢᠯᠤᠭᠤᠳᠤᠭᠰᠠᠨ 21 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠶᠢ 8850 ᠭᠠᠷᠤᠶ ᠤᠳᠠᠭ᠎ᠠ ᠪᠠᠶᠢᠴᠠᠭᠠᠨ ᠰᠢᠢᠳᠪᠦᠷᠢᠯᠡᠵᠡᠢ᠃     ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠤᠬᠠᠭᠤᠯᠭ᠎ᠠ ᠬᠦᠮᠦᠵᠢᠯ ᠢᠶᠠᠷ ᠰᠡᠷᠭᠡᠶᠢᠯᠡᠯᠳᠡ ᠶᠢ ᠠᠬᠢᠭᠤᠯᠤᠭᠰᠠᠨ᠃ ᠰᠡᠷᠭᠡᠶᠢᠯᠡᠯᠳᠡ ᠶᠢᠨ ᠤᠬᠠᠭᠤᠯᠭ᠎ᠠ ᠶᠢ ᠲᠤᠤᠷᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ᠨᠡᠶᠢᠭᠡᠮ ᠲᠣᠭᠤᠷᠢᠭ ᠤᠨ ᠠᠵᠢᠯᠳᠠᠨ᠂ ᠭᠠᠴᠠᠭ᠎ᠠ ᠲᠣᠰᠬᠤᠨ ᠤ ᠺᠠᠳ᠋ᠷ᠂ ᠠᠷᠠᠳ ᠤᠨ ᠲᠤᠰᠠᠯᠠᠬᠤ ᠴᠠᠭᠳᠠᠭ᠎ᠠ ᠵᠡᠷᠭᠡ ᠳᠤ ᠲᠦᠰᠢᠭᠯᠡᠨ᠂ ᠲᠠᠷᠢᠶ᠎ᠠ ᠪᠡᠯᠴᠢᠭᠡᠷ ᠲᠤ ᠬᠦᠨᠵᠡᠬᠡᠶᠢᠷᠡᠵᠦ᠂ ᠣᠯᠠᠨ ᠲᠦᠮᠡᠨ ᠤ ᠬᠡᠷ  ᠲᠤᠨᠢ ᠬᠦᠷᠴᠦ᠂ ᠮᠡᠬᠡᠯᠡᠯ ᠢ ᠡᠰᠡᠷᠭᠦᠴᠡᠬᠦ᠂ ᠬᠤᠯᠠᠭᠠᠢ ᠠᠴᠠ ᠰᠡᠷᠭᠡᠶᠢᠯᠡᠬᠦ᠂ ᠭᠠᠯ  ᠲᠦᠢᠮᠡᠷ ᠢ ᠰᠡᠷᠭᠡᠶᠢᠯᠡᠬᠦ᠂ ᠤᠰᠤᠨ ᠳᠤ ᠵᠢᠪᠬᠦ ᠠᠴᠠ ᠰᠡᠷᠭᠡᠶᠢᠯᠡᠬᠦ ᠤᠬᠠᠭᠤᠯᠭ᠎ᠠ ᠬᠦᠮᠦᠵᠢᠯ ᠢ ᠥᠷᠨᠢᠭᠦᠯᠵᠦ᠂ ᠣᠯᠠᠨ ᠲᠦᠮᠡᠨ ᠤ  ᠰᠡᠷᠭᠡᠶᠢᠯᠡᠯᠳᠡ ᠶᠢᠨ ᠤᠬᠠᠮᠰᠠᠷ ᠢ  ᠲᠡᠭᠡᠭᠰᠢᠯᠡᠬᠦᠯᠪᠡ᠃ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ᠂  ᠲᠠᠯᠠᠪᠠᠢ ᠴᠡᠴᠡᠷᠯᠢᠭ᠂ ᠲᠡᠯᠬᠡᠬᠦᠷ ᠬᠤᠳᠠᠯᠳᠤᠭ᠎ᠠ ᠵᠡᠷᠭᠡ ᠳᠤ ᠤᠬᠠᠭᠤᠯᠭ᠎ᠠ ᠶᠢᠨ ᠴᠡᠭ ᠲᠤᠬᠢᠷᠠᠭᠤᠯᠤᠨ᠂ ᠬᠥᠨᠳᠡᠯᠡᠨ ᠪᠢᠴᠢᠭᠡᠰᠦ ᠡᠯᠬᠦᠬᠦ᠂ ᠤᠬᠠᠭᠤᠯᠭ᠎ᠠ ᠶᠢᠨ ᠰᠠᠮᠪᠠᠷ᠎ᠠ  ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ ᠤᠯᠠᠨ ᠲᠦᠮᠡᠨ ᠳᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠬᠦᠷᠳᠡᠭᠡᠭᠰᠡᠨ ᠤ ᠬᠠᠮᠳᠤ ᠡᠯᠧᠺᠲᠷᠤᠨ ᠳᠡᠯᠭᠡᠴᠡ᠂ ᠸᠢᠴᠠᠲ ᠲᠠᠪᠴᠠᠩ᠂   ᠬᠤᠷᠳᠤᠨ ᠭᠠᠷ᠂ ᠲᠢᠭ᠋ ᠲᠤᠭ ᠵᠡᠷᠭᠡ ᠢ ᠠᠰᠢᠭᠯᠠᠨ ᠬᠠᠮᠢᠶ᠎ᠠ ᠪᠦᠬᠦᠢ ᠶᠡᠷᠦ ᠶᠢᠨ ᠮᠡᠳᠡᠯᠭᠡ ᠶᠢ ᠤᠯᠠᠮᠵᠢᠯᠠᠵᠤ᠂  ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号