ᠬᠤᠯᠠᠭᠠᠶᠢᠯᠠᠭᠰᠠᠨ ᠭᠡᠷᠡᠭ ᠢ ᠢᠯᠡᠷᠡᠬᠦᠯᠵᠦ ᠤᠷᠭᠤᠭᠰᠠᠨ ᠶᠠᠯᠠᠳᠠᠨ ᠢ ᠪᠠᠷᠢᠪᠴᠢᠯᠠᠪᠠ
ᠨᠡᠶᠢᠲᠡᠯᠡᠭᠰᠡᠨ ᠴᠠᠭ᠄
2024/8/27
  ᠤᠶᠢᠷ᠎ᠠ ᠳᠤ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠬᠢᠨ ᠨᠠᠷᠢᠨ ᠨᠢᠮᠪᠠᠢ ᠲᠠᠩᠨᠠᠨ ᠪᠠᠶᠢᠴᠠᠭᠠᠬᠤ ᠪᠠᠷ ᠲᠠᠮᠵᠢᠭᠠᠳ  ᠶᠠᠯ᠎ᠠ ᠬᠢᠭᠰᠡᠨ 2 ᠰᠡᠵᠢᠭᠲᠡᠨ ᠢ ᠪᠠᠷᠢᠪᠴᠢᠯᠠᠵᠤ᠂  ᠨᠢᠬᠡ ᠤᠳᠠᠭᠠᠨ ᠤ ᠭᠡᠷ ᠲᠤ ᠣᠷᠣᠵᠤ ᠵᠠᠰᠠᠯ ᠵᠢᠮᠰᠡᠭ ᠬᠤᠯᠠᠭᠠᠶᠢᠯᠠᠭᠰᠠᠨ ᠬᠡᠷᠡᠭ ᠢ ᠢᠯᠡᠷᠡᠬᠦᠯᠵᠡᠢ᠃ 2024 ᠣᠨ ᠤ 2 ᠰᠠᠷ᠎ᠠ ᠶᠢᠨ ᠡᠬᠢ ᠪᠠᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ ᠠᠩᠭᠢ ᠨᠢ 3 ᠤᠳᠠᠭᠠᠨ ᠤ ᠭᠡᠷᠡᠭ  ᠤᠨ ᠮᠡᠳᠡᠬᠦᠯᠦᠯᠳᠡ ᠶᠢ ᠵᠠᠯᠭᠠᠭ᠎ᠠ ᠪᠠᠷ ᠲᠤᠰᠤᠭᠰᠠᠨ ᠪᠠᠶᠢᠯ᠎ᠠ᠃ ᠭᠡᠷᠡᠭ ᠲᠤ ᠬᠤᠯᠪᠤᠭᠳᠠᠭᠰᠠᠨ ᠵᠤᠭᠤᠰ ᠤᠨ ᠲᠤᠭ᠎ᠠ  ᠨᠢ ᠨᠡᠶᠢᠳᠡ 5 ᠲᠦᠮᠡ ᠭᠠᠷᠤᠢ ᠲᠥᠭᠦᠷᠢᠭ ᠲᠤ ᠬᠦᠷᠴᠡᠢ᠃ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠲᠤᠰᠬᠠᠢ ᠬᠡᠷᠡᠭ ᠤᠨ ᠳᠤᠭᠤᠶᠢᠯᠠᠩ ᠪᠠᠶᠢᠭᠤᠯᠵᠤ ᠲᠠᠩᠨᠠᠨ ᠪᠠᠶᠢᠴᠠᠭᠠᠭᠰᠠᠨ ᠪᠠᠶᠢᠨ᠎ᠠ᠃ ᠠᠷᠠᠳ ᠤᠨ ᠴᠠᠭᠳᠠᠭ᠎ᠠ ᠨᠠᠷ ᠲᠤᠬᠠᠶ ᠶᠢᠨ ᠲᠠᠯᠠᠪᠤᠷ ᠲᠤ ᠬᠠᠶᠢᠨ ᠪᠠᠶᠢᠴᠠᠭᠠᠬᠤ᠂  ᠬᠠᠵᠠᠭᠤ ᠬᠠᠪᠢ ᠪᠠᠷ ᠰᠤᠷᠪᠤᠯᠵᠢᠯᠠᠬᠤ᠂  ᠮᠠᠰᠢᠨ ᠮᠡᠷᠭᠡᠵᠢᠯ ᠢ ᠠᠰᠢᠭᠯᠠᠨ ᠪᠠᠶᠢᠴᠠᠭᠠᠬᠤ ᠶᠢᠨ ᠬᠠᠮᠳᠤ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠮᠡᠷᠭᠡᠵᠢᠯ ᠤᠨ ᠳᠡᠮᠵᠢᠯᠭᠡ ᠶᠢ ᠤᠯᠵᠤ ᠪᠠᠶᠢᠭᠠᠳ  ᠬᠠᠮᠤᠭ ᠡᠴᠦᠰ ᠲᠤ 2 ᠰᠡᠵᠢᠭᠳᠡᠨ ᠢ ᠮᠠᠭᠠᠳᠯᠠᠨ ᠲᠤᠭᠳᠠᠭᠠᠵᠠᠢ᠃ ᠴᠠᠭᠳᠠᠭ᠎ᠠ ᠨᠠᠷ ᠲᠡᠷᠡ ᠳᠠᠷᠤᠶ ᠳᠤᠨᠢ ᠬᠤᠶᠠᠷ ᠰᠡᠵᠢᠭᠲᠡᠨ ᠤ ᠰᠠᠭᠤᠭ᠎ᠠ ᠭᠠᠵᠠᠷ ᠲᠤ ᠬᠦᠷᠴᠦ᠂ ᠤᠳᠠᠭᠠᠨ ᠡᠳᠦᠷ ᠰᠠᠬᠢᠵᠤ ᠭᠡᠳᠡᠬᠦ ᠪᠠᠷ ᠲᠠᠮᠵᠢᠭᠠᠳ 6 ᠰᠠᠷ᠎ᠠ ᠶᠢᠨ 30 ᠤ ᠡᠳᠦᠷ ᠰᠡᠵᠢᠭᠳᠡᠨ ᠴᠢᠦ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠭᠰᠠᠨ ᠪᠦᠭᠡᠳ ᠰᠦᠯᠵᠢᠶᠡᠨ ᠳᠡᠭᠡᠷ᠎ᠡ ᠵᠠᠷᠯᠠᠨ ᠨᠡᠬᠡᠮᠵᠢᠯᠡᠬᠦ ᠪᠠᠷ ᠲᠠᠮᠵᠢᠭᠠᠳ 7 ᠰᠠᠷ᠎ᠠ ᠶᠢᠨ 29 ᠤ ᠡᠳᠦᠷ ᠨᠦᠬᠦᠬᠡ ᠰᠡᠵᠢᠭᠳᠡᠨ ᠬᠤᠸᠠᠩ ᠣᠪᠣᠭᠲᠤ ᠶᠢ ᠬᠤᠨᠠᠨ ᠮᠤᠵᠢ ᠠᠴᠠ ᠪᠠᠷᠢᠪᠴᠢᠯᠠᠨ ᠠᠪᠴᠢᠷᠠᠵᠠᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠨ᠂ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠪᠠᠳᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号