ᠴᠧᠩ ᠪᠸᠢ ᠵᠡᠭᠡᠯᠢ ᠭᠤᠳᠤᠮᠵᠢ ᠶᠢᠨ ᠬᠢᠨ ᠰᠢᠩ ᠹᠦ᠋ ᠰᠢᠶᠠᠩ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/8/27
  8 ᠰᠠᠷ᠎ᠠ ᠶᠢᠨ 23 ᠤ ᠡᠳᠦᠷ᠂ ᠴᠠᠩ ᠫᠢᠩ ᠲᠣᠭᠤᠷᠢᠭ ᠤᠨ ᠴᠧᠩ ᠪᠸᠢ ᠵᠡᠭᠡᠯᠢ ᠭᠤᠳᠤᠮᠵᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠳᠤ ᠢᠷᠡᠵᠦ ᠬᠠᠪᠰᠤᠷᠤᠨ ᠲᠡᠳᠬᠦᠬᠦ  ᠠᠵᠢᠯ ᠤᠨ ᠪᠠᠶᠢᠴᠠᠭᠠᠨ ᠰᠤᠳᠤᠯᠤᠯᠲᠠ ᠬᠢᠪᠡ᠃  ᠶᠠᠷᠢᠯᠴᠠᠬᠤ ᠬᠤᠷᠠᠯ ᠳᠡᠭᠡᠷ᠎ᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠩ ᠹᠦ᠋ ᠰᠢᠶᠠᠩ ᠤᠨ ᠬᠠᠮᠢᠶ᠎ᠠ ᠪᠦᠬᠦᠢ ᠠᠵᠢᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ  ᠬᠠᠪᠰᠤᠷᠤᠨ ᠲᠡᠳᠬᠦᠬᠦ ᠠᠵᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃  ᠬᠤᠷᠠᠯ ᠤᠨ ᠲᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠦᠩ ᠵᠢᠦ ᠲᠣᠰᠬᠤᠨ ᠤ ᠲᠦᠮᠡᠨ ᠲᠣᠨ ᠤ ᠲᠦᠮᠦᠰᠦᠨ ᠤ ᠵᠣᠭᠤᠷᠢ᠂ ᠶᠦᠩ ᠸᠠᠩ ᠲᠣᠰᠬᠤᠨ ᠤ 100 ᠰᠠᠭᠤᠷᠢ ᠢᠳᠡᠰᠢᠨ ᠨᠤᠭᠤᠭᠠᠨ ᠤ ᠬᠦᠯᠡᠮᠵᠢ᠂  ᠶᠦᠩ ᠶᠤᠸᠠᠢ ᠲᠣᠰᠬᠤᠨ ᠤ  ᠪᠠᠭᠠᠳᠤᠷ ᠢᠳᠡᠰᠢᠨ ᠲᠣᠰᠣᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃  ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠨᠢ ᠴᠠᠩ ᠫᠢᠩ ᠲᠣᠭᠤᠷᠢᠭ ᠤᠨ ᠴᠧᠩ ᠪᠸᠢ ᠵᠡᠭᠡᠯᠢ ᠭᠤᠳᠤᠮᠵᠢ ᠪᠣᠯᠤᠨ ᠲᠠᠶᠢᠹᠤᠰᠧ ᠬᠤᠰᠢᠭᠤᠨ ᠤ ᠰᠢᠩ ᠹᠦ᠋ ᠰᠢᠶᠠᠩ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠬᠤᠶᠠᠷ ᠲᠠᠯ᠎ᠠ ᠶᠢᠨ ᠬᠢᠨ ᠢᠯᠡᠷᠭᠡᠶᠢᠯᠡᠬᠦ ᠳᠡᠭᠡᠨ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠤᠯᠠᠮ ᠴᠢᠩᠭᠠᠳᠬᠠᠨ  ᠭᠠᠷ ᠬᠤᠯᠪᠣᠨ ᠬᠠᠮᠲᠤᠪᠠᠷ ᠤᠷᠤᠭᠰᠢᠯᠠᠵᠤ᠂  ᠬᠥᠳᠡᠭᠡ ᠲᠣᠰᠬᠤᠨ ᠤ ᠬᠦᠭᠵᠢᠯ ᠮᠠᠨᠳᠤᠯ ᠪᠠ ᠠᠷᠠᠳ ᠲᠦᠮᠡᠨ ᠤ ᠠᠵᠠ ᠵᠢᠷᠭᠠᠯ ᠤᠨ ᠲᠥᠯᠥᠭᠡ ᠬᠠᠮᠲᠤᠪᠠᠷ ᠴᠢᠷᠮᠠᠶᠢᠨ ᠲᠡᠮᠡᠴᠡᠨ᠎ᠡ ᠭᠡᠪᠡ᠃ ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ᠂  ᠰᠢᠩ ᠹᠦ᠋ ᠰᠢᠶᠠᠩ ᠤᠨ ᠤᠳᠤᠷᠢᠳᠬᠤ ᠪᠠᠭ ᠤᠨ ᠭᠡᠰᠢᠬᠦᠳ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号