ᠭᠦᠨᠪᠤᠯᠠᠭ ᠰᠤᠮᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/28
  ᠳᠡᠭᠡᠳᠦ ᠱᠠᠲᠤᠨ ᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠯᠠᠪᠳᠠᠭᠤᠨ ᠪᠠᠲᠤᠲᠠᠶ   ᠠᠬᠢᠭᠤᠯᠬᠤ ᠶᠢᠨ ᠲᠥᠯᠥᠭᠡ᠂ 8 ᠰᠠᠷ᠎ᠠ ᠶᠢᠨ 26 ᠤ ᠡᠳᠦᠷ ᠭᠦᠨᠪᠤᠯᠠᠭ ᠰᠤᠮᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠮᠤᠨ ᠤ ᠤᠬᠠᠭᠤᠯᠬᠤ ᠭᠡᠰᠢᠭᠦᠨ ᠰᠤᠯᠤᠩᠭᠤᠸ᠎ᠠ ᠬᠤᠷᠠᠯ ᠢ ᠡᠷᠬᠢᠯᠡᠨ᠂ ᠡᠯ᠎ᠡ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠦᠷᠳᠡᠭᠡᠨ ᠤ ᠳᠠᠷᠤᠭ᠎ᠠ ︵ᠨᠠᠮ ᠤᠨ ᠡᠭᠦᠷ ᠤᠨ ᠱᠦᠵᠢ︶ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠳᠡᠭᠡᠷ᠎ᠡ ᠬᠠᠭᠠᠰ ᠵᠢᠯ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠲᠤᠷᠠᠳᠤᠨ᠂ ᠲᠠᠷᠠᠭᠠᠴᠢ ᠶᠢᠨ ᠠᠯᠬᠤᠮ ᠤᠨ ᠠᠵᠢᠯ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠤᠨ᠂ ᠠᠵᠢᠯ ᠢ ᠪᠦᠬᠦ ᠲᠠᠯ᠎ᠠ ᠪᠠᠷ ᠲᠥᠯᠥᠪᠵᠢᠭᠦᠯᠵᠦ ᠠᠬᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠶᠢ ᠠᠬᠢᠭᠤᠯᠬᠤ ᠬᠡᠷᠡᠭᠲᠡᠢ᠃ ᠬᠤᠪᠢ ᠬᠤᠷᠠᠮᠳᠤᠭᠤᠯᠬᠤ ᠠᠵᠢᠯ ᠢ ᠨᠠᠷᠢᠨ ᠬᠢᠨᠠᠮᠠᠭᠠᠶ  ᠭᠡᠷᠡᠭᠵᠢᠬᠦᠯᠦᠨ᠂ ᠲᠠᠩᠰᠠ ᠡᠪᠬᠡᠮᠡᠯ ᠢ ᠰᠠᠶᠢᠨ ᠬᠢᠵᠦ᠂ ᠪᠣᠯᠪᠠᠰᠤᠨ ᠪᠦᠯᠬᠦᠮᠳᠡᠯᠳᠦ ᠴᠢᠯᠦᠬᠡᠳᠦ ᠲᠡᠯᠬᠡᠬᠦᠷ ᠤᠨ ᠦᠷ᠎ᠡ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠬᠡᠷᠡᠭᠲᠡᠶ᠃ ᠰᠠᠭᠤᠷᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠲᠠᠯ᠎ᠠ ᠨᠤᠲᠤᠭ ᠤᠨ ᠨᠣᠮ ᠤᠨ ᠦᠷᠦᠬᠡᠨ ᠤ ᠬᠡᠪ ᠤᠨ ᠨᠡᠭᠡᠭᠡᠯᠳᠡ ᠶᠢ ᠪᠠᠲᠤᠯᠠᠬᠤ ᠶᠢᠨ ᠬᠠᠮᠲᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ + ᠲᠠᠯ᠎ᠠ ᠨᠤᠲᠤᠭ ᠤᠨ ᠨᠣᠮ ᠤᠨ ᠦᠷᠦᠭᠡ︾ ᠶᠢᠨ ᠵᠠᠭᠪᠤᠷ ᠢ ᠬᠠᠶᠢᠵᠤ᠂  ᠡᠯ᠎ᠡ ᠲᠦᠷᠦᠯ ᠤᠨ ᠨᠤᠮ ᠤᠩᠰᠢᠬᠤ ᠠᠵᠢᠯᠯᠠᠭ᠎ᠠ  ᠶᠢ ᠢᠳᠡᠪᠬᠢᠳᠡᠢ ᠦᠷᠨᠢᠬᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠬᠤᠷᠠᠯ ᠠᠴᠠ ᠪᠠᠰᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠤᠳᠤᠷᠢᠳᠤᠮᠵᠢ ᠪᠤᠯᠭᠠᠨ᠂ ᠪᠣᠯᠪᠠᠰᠤᠨ ᠤ ᠦᠢᠯᠡᠳᠦᠯᠭᠡ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠬᠦᠴᠦᠨ ᠢ ᠲᠠᠶᠢᠴᠢᠯᠠᠵᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ  ᠤᠷᠤᠯᠴᠠᠭᠤᠯᠤᠨ᠂ ᠣᠯᠠᠨ ᠲᠦᠮᠡᠨ ᠲᠠᠢ ᠣᠶᠢᠷᠠᠲᠤᠭᠰᠠᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠥᠬᠦ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号