ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/8/5
  1.  ᠳᠡᠭᠡᠷ᠎ᠡ ᠱᠠᠲᠣᠨ  ᠤ ᠣᠯᠣᠰ  ᠤᠨ ᠭᠠᠵᠠᠷ ᠰᠢᠷᠦᠢ  ᠶᠢᠨ ᠡᠬᠢ ᠪᠠᠶᠠᠯᠢᠭ᠂ ᠬᠡᠮᠵᠢᠨ ᠵᠢᠷᠤᠬᠤ ᠬᠠᠮᠢᠶᠠᠷᠤᠯᠲᠠ  ᠶᠢᠨ ᠳᠣᠬᠠᠢ ᠬᠠᠤᠯᠢ ᠴᠠᠭᠠᠵᠠ᠂  ᠲᠦᠷᠢᠮ ᠳᠣᠭᠳᠠᠭᠠᠯ ᠪᠠ ᠳᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠭᠠᠵᠠᠷ ᠰᠢᠷᠦᠢ  ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ᠂ ᠬᠡᠮᠵᠢᠨ ᠵᠢᠷᠤᠬᠤ ᠬᠠᠮᠢᠶᠠᠷᠤᠯᠲᠠ  ᠶᠢᠨ  ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠪᠣᠳᠠᠲᠠᠢ ᠮᠡᠷᠭᠡᠵᠢᠯ  ᠤᠨ ᠪᠠᠷᠢᠮᠵᠢᠶ᠎ᠠ᠂  ᠠᠷᠭ᠎ᠠ ᠲᠥᠷᠢᠮ  ᠎ ᠢ  ᠨᠠᠶᠢᠷᠠᠭᠤᠯᠤᠨ ᠲᠤᠭᠳᠠᠭᠠᠨ᠎ᠠ᠃   2. ᠲᠣᠰ ᠭᠠᠵᠠᠷ ᠣᠷᠣᠨ ᠤ ᠭᠠᠵᠠᠷ ᠰᠢᠷᠦᠢ  ᠶᠢᠨ ᠠᠰᠢᠭᠯᠠᠯᠲᠠ  ᠶᠢᠨ ᠶᠡᠷᠦᠩᠬᠡᠢ ᠴᠣᠭᠴᠠ  ᠶᠢᠨ  ᠲᠦᠯᠦᠪᠵᠢᠭᠦᠯᠭᠡ᠂ ᠠᠭᠤᠷᠬᠠᠢ  ᠶᠢᠨ ᠡᠬᠢ ᠪᠠᠶᠠᠯᠢᠭ  ᠤᠨ ᠶᠡᠷᠦᠩᠬᠡᠢ ᠴᠣᠭᠴᠠ ᠶᠢᠨ ᠲᠦᠯᠦᠪᠵᠢᠭᠦᠯᠭᠡ ᠪᠠ  ᠬᠢᠨᠠᠨ ᠵᠢᠷᠤᠭᠯᠠᠬᠤ ᠲᠦᠯᠦᠪᠵᠢᠭᠦᠯᠭᠡ ᠵᠢᠴᠢ ᠬᠠᠮᠢᠶ᠎ᠠ ᠪᠦᠬᠦᠢ ᠳᠣᠰᠬᠠᠢ ᠮᠡᠷᠭᠡᠵᠢᠯ ᠤᠨ ᠲᠦᠯᠦᠪᠵᠢᠭᠦᠯᠭᠡ  ᠶᠢ ᠵᠠᠰᠠᠨ ᠨᠠᠶᠢᠷᠠᠭᠤᠯᠬᠤ ᠶᠢᠨ ᠬᠠᠮᠳᠤ  ᠭᠡᠷᠡᠭᠵᠢᠭᠦᠯᠥᠨ᠎ᠡ᠃   3. ᠣᠯᠣᠰ  ᠤᠨ ᠭᠠᠵᠠᠷ ᠰᠢᠷᠦᠢ  ᠶᠢᠨ ᠡᠬᠢ ᠪᠠᠶᠠᠯᠢᠭ  ᠤᠨ ᠡᠯ᠎ᠡ ᠵᠦᠢᠯ  ᠤᠨ ᠬᠠᠤᠯᠢ ᠵᠦᠷᠢᠴᠡᠭᠰᠡᠨ ᠬᠡᠷᠡᠭ ᠎ ᠢ ᠪᠠᠶᠢᠴᠠᠭᠠᠨ  ᠰᠢᠢᠳᠪᠦᠷᠢᠯᠡᠵᠦ᠂ ᠡᠷᠬᠡ ᠮᠡᠳᠡᠯ  ᠤᠨ ᠬᠡᠪᠴᠢᠶᠡᠨ  ᠳᠠᠬᠢ  ᠵᠢᠭᠤᠷᠠᠭᠠᠨ ᠢ ᠰᠢᠢᠳᠪᠤᠷᠢᠯᠡᠨ᠎ᠡ᠃   4. ᠥᠨᠳᠦᠰᠦᠨ ᠲᠠᠷᠢᠶᠠᠨ ᠭᠠᠵᠠᠷ᠂  ᠨᠤᠳᠤᠭ ᠪᠡᠯᠴᠢᠭᠡᠷ ᠤᠨ ᠬᠠᠮᠠᠭᠠᠯᠠᠯᠳᠠ  ᠶᠢ ᠵᠣᠬᠢᠶᠠᠨ ᠪᠠᠶᠢᠭᠤᠯᠵᠦ᠂ ᠭᠠᠵᠠᠷ ᠰᠢᠷᠦᠢ  ᠶᠢᠨ ᠨᠡᠭᠡᠭᠡᠨ ᠠᠰᠢᠭᠯᠠᠯᠲᠠ  ᠶᠢᠨ ᠵᠠᠰᠠᠵᠤ ᠲᠡᠭᠰᠢᠯᠡᠬᠦ ᠪᠠ ᠲᠠᠬᠢᠨ ᠬᠠᠭᠠᠯᠪᠣᠷᠢᠯᠠᠬᠤ ᠠᠵᠢᠯ  ᠢ ᠵᠢᠯᠤᠭᠤᠳᠤᠨ᠂ ᠣᠯᠣᠰ  ᠤᠨ ᠭᠠᠵᠠᠷ ᠰᠢᠷᠦᠢ ᠶᠢᠨ ᠡᠬᠢ ᠪᠠᠶᠠᠯᠢᠭ  ᠤᠨ ᠪᠠᠶᠢᠴᠠᠭᠠᠯᠲᠠ ᠪᠠ ᠪᠣᠳᠠᠲᠠᠢ ᠪᠠᠶᠢᠳᠠᠯ  ᠤᠨ ᠬᠢᠨᠠᠨ ᠪᠠᠶᠢᠴᠠᠭᠠᠯᠲᠠ  ᠶᠢ ᠵᠣᠬᠢᠶᠠᠨ ᠪᠠᠶᠢᠭᠤᠯᠵᠦ᠂ ᠭᠠᠵᠠᠷ ᠰᠢᠷᠦᠢ  ᠶᠢᠨ ᠡᠷᠬᠡ ᠎ ᠶᠢ ᠪᠠᠲᠣᠯᠠᠬᠤ᠂ ᠭᠠᠵᠠᠷ ᠰᠢᠷᠦᠢ ᠶᠢᠨ ᠲᠡᠰ ᠲᠣᠭᠲᠠᠭᠠᠬᠤ ᠪᠠ ᠲᠠᠩᠰᠠᠯᠠᠬᠤ ᠠᠵᠢᠯ  ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃         5. ᠭᠠᠵᠠᠷ ᠰᠢᠷᠦᠢ  ᠶᠢᠨ ᠬᠡᠷᠡᠭᠯᠡᠬᠦ ᠡᠷᠬᠡ  ᠶᠢ  ᠰᠢᠯᠵᠢᠬᠦᠯᠬᠦ᠂ ᠲᠦᠷᠢᠶᠡᠰᠦᠯᠡᠬᠦ᠂ ᠠᠷᠠᠯᠵᠢᠶᠠᠯᠠᠬᠤ᠂ ᠬᠤᠷᠢᠶᠠᠨ ᠬᠠᠳᠠᠭᠠᠯᠠᠬᠤ ᠠᠵᠢᠯ  ᠢ ᠵᠤᠬᠢᠶᠠᠨ ᠪᠠᠶᠢᠭᠤᠯᠵᠦ᠂ ᠳᠦᠷ ᠴᠠᠭ  ᠤᠨ ᠬᠡᠷᠡᠭᠯᠡᠬᠦ ᠭᠠᠵᠠᠷ ᠢ ᠬᠠᠮᠢᠶᠠᠷᠤᠨ᠂ ᠭᠠᠵᠠᠷ ᠰᠢᠷᠦᠢ  ᠶᠢᠨ ᠬᠡᠷᠡᠭᠯᠡᠬᠦ ᠡᠷᠬᠡ  ᠶᠢᠨ ᠰᠢᠯᠵᠢᠯᠲᠡ ᠶᠢᠨ ᠬᠠᠮᠢᠶᠠᠷᠣᠯᠲᠠ  ᠶᠢ ᠵᠢᠯᠤᠭᠤᠳᠤᠨ᠎ᠠ᠃   6. ᠠᠭᠤᠷᠬᠠᠢ ᠶᠢᠨ ᠡᠬᠢ ᠪᠠᠶᠠᠯᠢᠭ  ᠤᠨ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠭᠦᠯᠬᠦ  ᠲᠠᠩᠰᠠᠯᠠᠯ ᠤᠨ ᠥᠨᠡᠮᠯᠡᠯ ᠣᠯᠭᠤᠬᠤ ᠪᠠ ᠠᠭᠤᠷᠬᠠᠢ ᠬᠠᠶᠢᠬᠤ ᠡᠷᠬᠡ  ᠶᠢᠨ ᠬᠢᠨᠠᠨ ᠬᠠᠷᠭᠤᠭᠤᠯᠬᠤ  ᠲᠠᠩᠰᠠᠯᠠᠯ ᠬᠢᠵᠦ᠂ ᠠᠭᠤᠷᠬᠠᠢ ᠎ ᠶᠢᠨ ᠡᠬᠢ ᠪᠠᠶᠠᠯᠢᠭ  ᠤᠨ ᠬᠠᠳᠠᠭᠠᠯᠠᠯᠲᠠ ᠶᠢᠨ ᠬᠡᠮᠵᠢᠶᠡᠨ  ᠤ ᠬᠠᠮᠢᠶᠠᠷᠤᠯᠲᠠ  ᠶᠢᠨ ᠠᠵᠢᠯ  ᠢ  ᠬᠠᠷᠢᠭᠤᠴᠠᠨ᠂ ᠠᠭᠤᠷᠬᠠᠢ  ᠶᠢᠨ ᠡᠬᠢ ᠪᠠᠶᠠᠯᠢᠭ  ᠤᠨ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ  ᠳᠤ ᠬᠢᠨᠠᠯᠲᠠ ᠲᠠᠯᠪᠢᠨ᠎ᠠ᠃ ᠠᠭᠤᠷᠬᠠᠢ  ᠶᠢᠨ ᠡᠬᠢ ᠪᠠᠶᠠᠯᠢᠭ  ᠤᠨ ᠨᠥᠬᠦᠪᠦᠷᠢ ᠮᠥᠩᠭᠦ  ᠶᠢ ᠲᠠᠲᠠᠪᠤᠷᠢᠯᠠᠨ ᠲᠤᠰᠢᠶᠠᠨ᠎ᠠ᠃ ᠭᠠᠵᠠᠷ ᠰᠢᠨᠵᠢᠯᠡᠭᠡᠨ ᠎ ᠤ ᠭᠠᠮᠰᠢᠭ  ᠤᠨ ᠰᠡᠷᠭᠡᠶᠢᠯᠡᠯᠲᠡ ᠪᠠ ᠭᠠᠵᠠᠷ ᠰᠢᠨᠵᠢᠯᠡᠭᠡᠨ  ᠤ ᠥᠯᠡᠳᠡᠭᠳᠡᠯ  ᠤᠨ ᠬᠠᠮᠠᠭᠠᠯᠠᠯᠳᠠ  ᠶᠢᠨ ᠠᠵᠢᠯ  ᠢ ᠵᠤᠬᠢᠶᠠᠨ ᠪᠠᠶᠢᠭᠤᠯᠤᠨ᠎ᠠ᠃   7. ᠬᠤᠰᠢᠭᠤ ᠨᠠᠮ ᠵᠠᠰᠠᠭ᠂ᠪᠠ  ᠲᠡᠭᠡᠳᠦ ᠱᠠᠳᠤᠨ ᠤ  ᠲᠤᠰᠢᠶᠠᠭᠰᠠᠨ ᠪᠤᠰᠤᠳ ᠠᠵᠢᠯ  ᠢ  ᠪᠡᠶᠡᠯᠡᠬᠦᠯᠦᠨ᠎ᠡ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号