1. ᠣᠯᠣᠰ ᠪᠠ ᠥᠪᠡᠷᠳᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠬᠠᠢ | ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠲᠦᠷᠢᠮ ᠲᠣᠭᠲᠠᠭᠠᠯ ᠪᠠ ᠪᠠᠷᠢᠮᠵᠢᠶ᠎ᠠ ᠶᠢ | ᠲᠤᠤᠱᠯᠠᠭᠤᠯᠤᠨ ᠭᠡᠷᠡᠭᠵᠢᠬᠦᠯᠬᠦ ᠶᠢᠨ ᠬᠠᠮᠲᠦ ᠂ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | 2. ᠪᠦᠬᠦ ᠬᠤᠰᠢᠭᠤᠨ ᠤ ᠠᠵᠦ ᠠᠬᠤᠢ ᠪᠠ ᠨᠡᠶᠢᠭᠡᠮ ᠤᠨ ᠬᠥᠭᠵᠢᠯᠲᠠ ᠶᠢᠨ ᠳᠤᠮᠳᠠ ᠣᠷᠲᠦ ᠬᠤᠭᠤᠴᠠᠭᠠᠨ | ᠤ ᠲᠥᠯᠥᠪᠵᠢᠭᠦᠯᠭᠡ᠂ ᠣᠯᠣᠰ ᠤᠨ ᠭᠠᠵᠠᠷ ᠰᠢᠷᠥᠢ ᠶᠢᠨ ᠲᠥᠯᠥᠪᠵᠢᠭᠦᠯᠭᠡ ᠪᠠ ᠤᠷᠤᠨ ᠨᠤᠳᠤᠭ ᠤᠨ ᠠᠵᠦ | ᠠᠬᠤᠢ ᠶᠢᠨ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠦ᠂ ᠬᠤᠲᠠ ᠶᠢᠨ ᠶᠡᠷᠥᠩᠬᠡᠢ | ᠴᠣᠭᠴᠠ ᠶᠢᠨ ᠲᠥᠯᠥᠪᠵᠢᠭᠦᠯᠭᠡ ᠳᠤᠮᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠭᠤᠯᠭ᠎ᠠ ᠶᠢ ᠬᠢᠨᠠᠨ | ᠪᠠᠶᠢᠴᠠᠭᠠᠬᠤ ᠳᠤ ᠣᠷᠣᠯᠴᠠᠨ᠎ᠠ᠃ ᠪᠦᠬᠦ ᠬᠤᠰᠢᠭᠤᠨ ᠤ ᠬᠤᠲᠠ ᠪᠠᠯᠭᠠᠰᠤᠵᠢᠭᠤᠯᠬᠤ ᠪᠠᠶᠢᠭᠤᠯᠤᠯᠲᠠ᠂ | ᠭᠤᠤᠯᠳᠠᠯᠭ᠎ᠠ ᠲᠠᠢ ᠭᠠᠵᠠᠷ ᠣᠷᠣᠨ ᠤ ᠪᠤᠬᠢᠷᠳᠤᠯ ᠢ ᠰᠡᠷᠬᠡᠶᠢᠯᠡᠨ ᠵᠠᠰᠠᠬᠤ ᠲᠥᠯᠥᠪᠵᠢᠭᠦᠯᠭᠡ ᠪᠠ ᠠᠮᠢ ᠠᠬᠤᠢ | ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠨ ᠬᠡᠷᠡᠭᠵᠢᠭᠦᠯᠦᠨ᠎ᠠ᠃ | 3. ᠪᠦᠬᠦ ᠬᠤᠰᠢᠭᠤᠨ ᠤ ᠠᠭᠠᠷ ᠮᠠᠨᠳᠠᠯ᠂ ᠤᠰᠤ᠂ ᠰᠢᠷᠥᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠠᠵᠢᠯ ᠢ ᠬᠠᠷᠢᠭᠤᠴᠠᠵᠦ᠂ ᠬᠠᠶᠠᠭᠳᠠᠮᠠᠯ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ᠂ ᠬᠤᠭ | ᠲᠣᠭᠤᠰᠣ᠂ ᠲᠠᠭᠤ ᠱᠤᠤᠬᠢᠶᠠᠨ᠂ ᠰᠠᠴᠤᠷᠠᠭ ᠬᠡᠯᠪᠡᠷᠢ ᠵᠢᠴᠢ ᠴᠠᠬᠢᠯᠭᠠᠨ ᠰᠣᠷᠢᠨᠵᠢᠨ ᠤ ᠰᠠᠴᠤᠷᠠᠭᠤᠯᠤᠭᠰᠠᠨ | ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠤᠣᠷᠲᠤ ᠬᠢᠮᠢ ᠶᠢᠨ ᠡᠳ᠋ ᠵᠡᠷᠭᠡ ᠪᠤᠬᠢᠷᠳᠤᠯ ᠢ ᠰᠡᠷᠭᠡᠶᠢᠯᠡᠨ ᠵᠠᠰᠠᠬᠤ | ᠠᠵᠢᠯ ᠢ ᠬᠢᠨᠠᠨ ᠬᠠᠮᠢᠶᠠᠷᠦᠨ᠎ᠠ᠃ | 4. ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠣᠢ ᠰᠢᠭᠤᠢ᠂ ᠤᠰᠤ᠂ ᠠᠮᠢ ᠠᠬᠤᠢ ᠶᠢᠨ | ᠥᠭᠡᠷᠡᠴᠢᠯᠡᠯᠲᠡ ᠪᠠ ᠬᠦᠭᠵᠢᠬᠦᠯᠦᠯᠳᠡ ᠵᠡᠷᠭᠡ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠢ ᠵᠣᠬᠢᠴᠠᠭᠤᠯᠵᠤ᠂ ᠪᠤᠬᠢᠷᠳᠤᠯ ᠤᠨ ᠬᠡᠷᠡᠭ ᠪᠠ ᠠᠮᠢ ᠠᠬᠤᠢ ᠶᠢᠨ ᠡᠪᠳᠡᠭᠳᠡᠯ ᠤᠨ ᠬᠡᠷᠡᠭ ᠶᠠᠪᠤᠳᠠᠯ ᠢ | ᠪᠠᠶᠢᠴᠠᠭᠠᠨ ᠰᠢᠢᠳᠪᠣᠷᠢᠯᠡᠨ᠎ᠠ᠃ | 5. ᠣᠷᠴᠢᠨ ᠲᠣᠭᠤᠷᠢᠨ ᠤ ᠴᠢᠨᠠᠷ ᠴᠢᠨᠰᠠᠭᠠᠨ ᠤ ᠥᠨᠡᠯᠡᠯᠲᠠ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠣᠷᠴᠢᠨ ᠲᠣᠭᠤᠷᠢᠨ ᠤ ᠦᠨᠡᠯᠡᠯᠳᠠ ᠶᠢ ᠵᠤᠬᠢᠶᠠᠨ ᠪᠠᠶᠢᠭᠤᠯᠵᠤ ᠬᠢᠨ᠎ᠡ᠃ ᠲᠦᠷᠦᠯ ᠵᠦᠢᠯ | ᠤᠨ ᠪᠦᠲᠦᠭᠡᠨ ᠪᠠᠶᠢᠭᠤᠯᠤᠯᠳᠠ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠬᠦᠯᠬᠦ | ᠳᠤ ᠬᠢᠨᠠᠯᠲᠠ ᠲᠠᠯᠪᠢᠨ᠎ᠠ᠃ ᠪᠦᠬᠦ ᠬᠤᠰᠢᠭᠤᠨ ᠤ ᠪᠤᠬᠢᠷᠳᠤᠯ ᠭᠠᠳᠠᠭᠰᠢᠯᠠᠭᠤᠯᠬᠤ ᠮᠡᠳᠡᠭᠦᠯᠦᠯᠲᠠ ᠶᠢᠨ ᠲᠠᠩᠰᠠᠯᠠᠯ ᠂ | ᠪᠤᠬᠢᠷᠳᠤᠯ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ᠂ ᠪᠤᠬᠢᠷᠳᠤᠯ ᠭᠠᠳᠠᠭᠰᠢᠯᠠᠭᠤᠯᠬᠤ ᠰᠥᠢᠳᠬᠡᠯ ᠤᠨ | ᠲᠠᠲᠠᠪᠤᠷᠢᠯᠠᠨ ᠬᠤᠷᠢᠶᠠᠬᠤ ᠠᠵᠢᠯ ᠢ ᠨᠢᠭᠡᠳᠥᠯᠲᠠᠢ ᠬᠠᠮᠢᠶᠠᠷᠦᠨ᠎ᠠ᠃ | 6. ᠪᠦᠬᠦ ᠬᠤᠰᠢᠭᠤᠨ ᠤ ᠪᠠᠶᠢᠭᠠᠯᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ | ᠬᠠᠮᠢᠶᠠᠷᠴᠤ᠂ ᠠᠮᠢ ᠠᠬᠤᠢ ᠶᠢᠨ ᠣᠷᠴᠢᠨ ᠲᠣᠭᠤᠷᠢᠨ ᠳᠤ ᠨᠦᠯᠦᠭᠡ ᠲᠠᠢ ᠪᠠᠶᠢᠭᠠᠯᠢ ᠶᠢᠨ ᠡᠬᠢ ᠪᠠᠶᠠᠯᠢᠭ ᠤᠨ | ᠨᠡᠭᠡᠭᠡᠨ ᠠᠰᠢᠭᠯᠠᠬᠤ ᠬᠥᠳᠡᠯᠭᠡᠭᠡᠨ ᠳᠤ ᠬᠢᠨᠠᠯᠲᠠ ᠲᠠᠯᠪᠢᠨ᠎ᠠ᠃ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ | ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠡᠪᠳᠡᠭᠳᠡᠯ ᠢ ᠰᠡᠷᠭᠦᠭᠡᠭᠦ ᠠᠵᠢᠯ ᠤᠨ ᠠᠬᠢᠴᠠ ᠶᠢ | ᠪᠠᠲᠣᠯᠠᠨ᠎ᠠ᠃ ᠬᠤᠰᠢᠭᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠬᠦᠷᠢᠶᠡᠯᠡᠨ | ᠪᠢᠲᠡᠭᠦᠮᠵᠢᠯᠡᠭᠰᠡᠨ ᠣᠷᠣᠨ᠂ ᠵᠢᠭᠤᠯᠴᠢᠯᠠᠯ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢᠨ | ᠠᠵᠢᠯ ᠢ ᠬᠢᠨᠠᠨ ᠪᠠᠶᠢᠴᠠᠭᠠᠨ᠎ᠠ᠃ | 7. ᠪᠦᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢ ᠶᠢᠨ | ᠬᠠᠮᠠᠭᠠᠯᠠᠯᠳᠠ ᠶᠢᠨ ᠣᠷᠣᠨ᠂ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠨᠢᠭᠡᠳᠦᠯᠲᠠᠢ ᠲᠦᠯᠦᠪᠯᠡᠵᠦ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ ᠬᠢᠨᠠᠯᠳᠠ ᠲᠠᠯᠪᠢᠬᠤ ᠪᠠ ᠳᠡᠭᠡᠭᠰᠢ ᠮᠡᠳᠡᠭᠦᠯᠬᠦ ᠠᠵᠢᠯ ᠢ ᠬᠢᠨ᠎ᠡ᠃ | ᠠᠮᠢᠳᠦ ᠪᠣᠳᠠᠰ ᠤᠨ ᠣᠯᠠᠨ ᠶᠠᠩᠵᠣᠲᠣ ᠴᠢᠨᠠᠷ ᠪᠠ ᠬᠡᠭᠡᠷ᠎ᠡ ᠶᠢᠨ ᠠᠮᠢᠳᠠᠨ ᠣᠷᠭᠤᠮᠠᠯ᠂ ᠬᠤᠪᠣᠷ ᠴᠣᠬᠠᠭ | ᠣᠰᠠᠳᠬᠤ ᠠᠶᠤᠯ ᠲᠠᠢ ᠠᠮᠢᠲᠠᠨ ᠤ ᠲᠦᠷᠦᠯ ᠵᠦᠢᠯ ᠢ ᠬᠠᠮᠠᠭᠠᠯᠠᠬᠤ ᠠᠵᠢᠯ ᠢ ᠵᠣᠬᠢᠴᠠᠭᠤᠯᠬᠤ ᠶᠢᠨ ᠬᠠᠮᠲᠦ | ᠬᠢᠨᠠᠨ ᠪᠠᠶᠢᠴᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠳᠤ ᠨᠦᠯᠦᠭᠡ ᠲᠠᠢ ᠡᠬᠢ ᠪᠠᠶᠠᠯᠢᠭ ᠤᠨ ᠨᠡᠭᠡᠭᠡᠨ | ᠠᠰᠢᠭᠯᠠᠬᠤ ᠬᠦᠳᠡᠯᠭᠡᠭᠡᠨ ᠳᠤ ᠬᠢᠨᠠᠯᠲᠠ ᠲᠠᠯᠪᠢᠨ᠎ᠠ᠃ | 8. ᠣᠯᠣᠰ ᠪᠠ ᠥᠪᠡᠷᠳᠡᠭᠡᠨ ᠵᠠᠰᠠᠬᠤ ᠣᠷᠣᠨ ᠤ ᠶᠠᠰᠤ ᠴᠢᠨᠠᠷ ᠤᠨ ᠪᠠᠷᠢᠮᠵᠢᠶ᠎ᠠ ᠪᠠ ᠪᠤᠬᠢᠷᠳᠤᠯ | ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠭᠡᠬᠦ ᠠᠵᠢᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠯ᠎ᠡ ᠵᠦᠢᠯ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠬᠠᠭᠤᠯᠭ᠎ᠠ ᠬᠦᠮᠦᠵᠢᠯ ᠪᠠ ᠪᠣᠯᠪᠠᠰᠤᠷᠠᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠦ ᠦᠷᠨᠢᠬᠦᠯᠦᠨ᠂ ᠣᠷᠴᠢᠨ ᠲᠣᠭᠤᠷᠢᠨ ᠤ ᠮᠡᠳᠡᠯᠭᠡ ᠶᠢ ᠲᠥᠭᠡᠮᠡᠯᠵᠢᠭᠦᠯᠵᠦ᠂ ᠪᠦᠬᠦ ᠠᠷᠠᠳ | ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠣᠬᠠᠮᠰᠠᠷ ᠢ ᠳᠡᠭᠡᠭᠰᠢᠯᠡᠭᠦᠯᠥᠨ᠎ᠡ᠃ | 9. ᠪᠦᠬᠦ ᠬᠤᠰᠢᠭᠤᠨ ᠤ ᠣᠷᠴᠢᠨ ᠲᠣᠭᠤᠷᠢᠨ ᠤ ᠪᠦᠷᠢᠳᠬᠡᠯ ᠪᠠ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠦ ᠣᠷᠴᠢᠨ ᠲᠣᠭᠤᠷᠢᠨ ᠤ ᠬᠢᠨᠠᠨ ᠪᠠᠶᠢᠴᠠᠭᠠᠬᠤ | ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠬᠢᠵᠦ᠂ ᠪᠦᠬᠦ ᠬᠤᠰᠢᠭᠤᠨ ᠤ ᠣᠷᠴᠢᠨ ᠲᠣᠭᠤᠷᠢᠨ ᠤ | ᠴᠡᠭᠴᠡᠯᠡᠯᠳᠡ ᠶᠢ ᠵᠢᠯᠤᠭᠤᠳᠬᠤ ᠶᠢᠨ ᠬᠠᠮᠲᠦ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ | ᠲᠤᠭᠤᠷᠢᠨ ᠤ ᠬᠠᠮᠠᠭᠠᠯᠠᠯᠲᠠ ᠶᠢ ᠬᠢᠨᠠᠯᠲᠠ ᠲᠠᠯᠪᠢᠨ ᠬᠠᠮᠢᠶᠠᠷᠴᠤ᠂ ᠵᠢᠱᠢᠶ᠎ᠡ ᠦᠵᠡᠭᠦᠯᠬᠦ ᠣᠷᠣᠨ ᠤ ᠪᠤᠲᠤᠭᠡᠨ | ᠪᠠᠶᠢᠭᠤᠯᠤᠯᠲᠠ ᠶᠢ ᠵᠤᠬᠢᠶᠡᠨ ᠪᠠᠶᠢᠭᠤᠯᠵᠤ ᠶᠠᠪᠤᠭᠳᠠᠭᠤᠯᠤᠨ᠎ᠠ᠃ | 10. ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠣᠯᠢᠯᠴᠠᠭ᠎ᠠ ᠪᠠ ᠬᠠᠮᠵᠢᠯᠴᠠᠭ᠎ᠠ ᠶᠢ ᠵᠤᠬᠢᠶᠠᠨ ᠪᠠᠶᠢᠭᠤᠯᠵᠦ᠂ | ᠣᠷᠴᠢᠨ ᠲᠣᠭᠤᠷᠢᠨ ᠤ ᠰᠢᠨᠵᠢᠯᠡᠭᠡ ᠮᠡᠷᠭᠡᠵᠢᠯ ᠢ ᠳᠡᠯᠭᠡᠷᠡᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠦ᠂ | ᠣᠷᠴᠢᠨ ᠲᠣᠭᠤᠷᠢᠨ ᠤ ᠠᠵᠦ ᠣᠶᠢᠯᠡᠰ ᠤᠨ ᠬᠦᠭᠵᠢᠯᠲᠡ ᠶᠢ ᠣᠳᠣᠷᠢᠳᠬᠤ ᠪᠠ ᠠᠬᠢᠭᠤᠯᠤᠨ᠎ᠠ᠃ | | |