ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/8/5
  1.  ᠳᠡᠭᠡᠷ᠎ᠡ ᠱᠠᠲᠣᠨ  ᠤ ᠣᠯᠣᠰ  ᠤᠨ ᠭᠠᠵᠠᠷ ᠰᠢᠷᠦᠢ  ᠶᠢᠨ ᠡᠬᠢ ᠪᠠᠶᠠᠯᠢᠭ᠂ ᠬᠡᠮᠵᠢᠨ ᠵᠢᠷᠤᠬᠤ ᠬᠠᠮᠢᠶᠠᠷᠤᠯᠲᠠ  ᠶᠢᠨ ᠳᠣᠬᠠᠢ ᠬᠠᠤᠯᠢ ᠴᠠᠭᠠᠵᠠ᠂  ᠲᠦᠷᠢᠮ ᠳᠣᠭᠳᠠᠭᠠᠯ ᠪᠠ ᠳᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠭᠠᠵᠠᠷ ᠰᠢᠷᠦᠢ  ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ᠂ ᠬᠡᠮᠵᠢᠨ ᠵᠢᠷᠤᠬᠤ ᠬᠠᠮᠢᠶᠠᠷᠤᠯᠲᠠ  ᠶᠢᠨ  ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠪᠣᠳᠠᠲᠠᠢ ᠮᠡᠷᠭᠡᠵᠢᠯ  ᠤᠨ ᠪᠠᠷᠢᠮᠵᠢᠶ᠎ᠠ᠂  ᠠᠷᠭ᠎ᠠ ᠲᠥᠷᠢᠮ   ᠢ  ᠨᠠᠶᠢᠷᠠᠭᠤᠯᠤᠨ ᠲᠤᠭᠳᠠᠭᠠᠨ᠎ᠠ᠃   2. ᠲᠣᠰ ᠭᠠᠵᠠᠷ ᠣᠷᠣᠨ ᠤ ᠭᠠᠵᠠᠷ ᠰᠢᠷᠦᠢ  ᠶᠢᠨ ᠠᠰᠢᠭᠯᠠᠯᠲᠠ  ᠶᠢᠨ ᠶᠡᠷᠦᠩᠬᠡᠢ ᠴᠣᠭᠴᠠ  ᠶᠢᠨ  ᠲᠦᠯᠦᠪᠵᠢᠭᠦᠯᠭᠡ᠂ ᠠᠭᠤᠷᠬᠠᠢ  ᠶᠢᠨ ᠡᠬᠢ ᠪᠠᠶᠠᠯᠢᠭ  ᠤᠨ ᠶᠡᠷᠦᠩᠬᠡᠢ ᠴᠣᠭᠴᠠ ᠶᠢᠨ ᠲᠦᠯᠦᠪᠵᠢᠭᠦᠯᠭᠡ ᠪᠠ  ᠬᠢᠨᠠᠨ ᠵᠢᠷᠤᠭᠯᠠᠬᠤ ᠲᠦᠯᠦᠪᠵᠢᠭᠦᠯᠭᠡ ᠵᠢᠴᠢ ᠬᠠᠮᠢᠶ᠎ᠠ ᠪᠦᠬᠦᠢ ᠳᠣᠰᠬᠠᠢ ᠮᠡᠷᠭᠡᠵᠢᠯ ᠤᠨ ᠲᠦᠯᠦᠪᠵᠢᠭᠦᠯᠭᠡ  ᠶᠢ ᠵᠠᠰᠠᠨ ᠨᠠᠶᠢᠷᠠᠭᠤᠯᠬᠤ ᠶᠢᠨ ᠬᠠᠮᠳᠤ  ᠭᠡᠷᠡᠭᠵᠢᠭᠦᠯᠥᠨ᠎ᠡ᠃   3. ᠣᠯᠣᠰ  ᠤᠨ ᠭᠠᠵᠠᠷ ᠰᠢᠷᠦᠢ  ᠶᠢᠨ ᠡᠬᠢ ᠪᠠᠶᠠᠯᠢᠭ  ᠤᠨ ᠡᠯ᠎ᠡ ᠵᠦᠢᠯ  ᠤᠨ ᠬᠠᠤᠯᠢ ᠵᠦᠷᠢᠴᠡᠭᠰᠡᠨ ᠬᠡᠷᠡᠭ  ᠢ ᠪᠠᠶᠢᠴᠠᠭᠠᠨ  ᠰᠢᠢᠳᠪᠦᠷᠢᠯᠡᠵᠦ᠂ ᠡᠷᠬᠡ ᠮᠡᠳᠡᠯ  ᠤᠨ ᠬᠡᠪᠴᠢᠶᠡᠨ  ᠳᠠᠬᠢ  ᠵᠢᠭᠤᠷᠠᠭᠠᠨ ᠢ ᠰᠢᠢᠳᠪᠤᠷᠢᠯᠡᠨ᠎ᠡ᠃   4. ᠥᠨᠳᠦᠰᠦᠨ ᠲᠠᠷᠢᠶᠠᠨ ᠭᠠᠵᠠᠷ᠂  ᠨᠤᠳᠤᠭ ᠪᠡᠯᠴᠢᠭᠡᠷ ᠤᠨ ᠬᠠᠮᠠᠭᠠᠯᠠᠯᠳᠠ  ᠶᠢ ᠵᠣᠬᠢᠶᠠᠨ ᠪᠠᠶᠢᠭᠤᠯᠵᠦ᠂ ᠭᠠᠵᠠᠷ ᠰᠢᠷᠦᠢ  ᠶᠢᠨ ᠨᠡᠭᠡᠭᠡᠨ ᠠᠰᠢᠭᠯᠠᠯᠲᠠ  ᠶᠢᠨ ᠵᠠᠰᠠᠵᠤ ᠲᠡᠭᠰᠢᠯᠡᠬᠦ ᠪᠠ ᠲᠠᠬᠢᠨ ᠬᠠᠭᠠᠯᠪᠣᠷᠢᠯᠠᠬᠤ ᠠᠵᠢᠯ  ᠢ ᠵᠢᠯᠤᠭᠤᠳᠤᠨ᠂ ᠣᠯᠣᠰ  ᠤᠨ ᠭᠠᠵᠠᠷ ᠰᠢᠷᠦᠢ ᠶᠢᠨ ᠡᠬᠢ ᠪᠠᠶᠠᠯᠢᠭ  ᠤᠨ ᠪᠠᠶᠢᠴᠠᠭᠠᠯᠲᠠ ᠪᠠ ᠪᠣᠳᠠᠲᠠᠢ ᠪᠠᠶᠢᠳᠠᠯ  ᠤᠨ ᠬᠢᠨᠠᠨ ᠪᠠᠶᠢᠴᠠᠭᠠᠯᠲᠠ  ᠶᠢ ᠵᠣᠬᠢᠶᠠᠨ ᠪᠠᠶᠢᠭᠤᠯᠵᠦ᠂ ᠭᠠᠵᠠᠷ ᠰᠢᠷᠦᠢ  ᠶᠢᠨ ᠡᠷᠬᠡ  ᠶᠢ ᠪᠠᠲᠣᠯᠠᠬᠤ᠂ ᠭᠠᠵᠠᠷ ᠰᠢᠷᠦᠢ ᠶᠢᠨ ᠲᠡᠰ ᠲᠣᠭᠲᠠᠭᠠᠬᠤ ᠪᠠ ᠲᠠᠩᠰᠠᠯᠠᠬᠤ ᠠᠵᠢᠯ  ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃         5. ᠭᠠᠵᠠᠷ ᠰᠢᠷᠦᠢ  ᠶᠢᠨ ᠬᠡᠷᠡᠭᠯᠡᠬᠦ ᠡᠷᠬᠡ  ᠶᠢ  ᠰᠢᠯᠵᠢᠬᠦᠯᠬᠦ᠂ ᠲᠦᠷᠢᠶᠡᠰᠦᠯᠡᠬᠦ᠂ ᠠᠷᠠᠯᠵᠢᠶᠠᠯᠠᠬᠤ᠂ ᠬᠤᠷᠢᠶᠠᠨ ᠬᠠᠳᠠᠭᠠᠯᠠᠬᠤ ᠠᠵᠢᠯ  ᠢ ᠵᠤᠬᠢᠶᠠᠨ ᠪᠠᠶᠢᠭᠤᠯᠵᠦ᠂ ᠳᠦᠷ ᠴᠠᠭ  ᠤᠨ ᠬᠡᠷᠡᠭᠯᠡᠬᠦ ᠭᠠᠵᠠᠷ ᠢ ᠬᠠᠮᠢᠶᠠᠷᠤᠨ᠂ ᠭᠠᠵᠠᠷ ᠰᠢᠷᠦᠢ  ᠶᠢᠨ ᠬᠡᠷᠡᠭᠯᠡᠬᠦ ᠡᠷᠬᠡ  ᠶᠢᠨ ᠰᠢᠯᠵᠢᠯᠲᠡ ᠶᠢᠨ ᠬᠠᠮᠢᠶᠠᠷᠣᠯᠲᠠ  ᠶᠢ ᠵᠢᠯᠤᠭᠤᠳᠤᠨ᠎ᠠ᠃   6. ᠠᠭᠤᠷᠬᠠᠢ ᠶᠢᠨ ᠡᠬᠢ ᠪᠠᠶᠠᠯᠢᠭ  ᠤᠨ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠭᠦᠯᠬᠦ  ᠲᠠᠩᠰᠠᠯᠠᠯ ᠤᠨ ᠥᠨᠡᠮᠯᠡᠯ ᠣᠯᠭᠤᠬᠤ ᠪᠠ ᠠᠭᠤᠷᠬᠠᠢ ᠬᠠᠶᠢᠬᠤ ᠡᠷᠬᠡ  ᠶᠢᠨ ᠬᠢᠨᠠᠨ ᠬᠠᠷᠭᠤᠭᠤᠯᠬᠤ  ᠲᠠᠩᠰᠠᠯᠠᠯ ᠬᠢᠵᠦ᠂ ᠠᠭᠤᠷᠬᠠᠢ  ᠶᠢᠨ ᠡᠬᠢ ᠪᠠᠶᠠᠯᠢᠭ  ᠤᠨ ᠬᠠᠳᠠᠭᠠᠯᠠᠯᠲᠠ ᠶᠢᠨ ᠬᠡᠮᠵᠢᠶᠡᠨ  ᠤ ᠬᠠᠮᠢᠶᠠᠷᠤᠯᠲᠠ  ᠶᠢᠨ ᠠᠵᠢᠯ  ᠢ  ᠬᠠᠷᠢᠭᠤᠴᠠᠨ᠂ ᠠᠭᠤᠷᠬᠠᠢ  ᠶᠢᠨ ᠡᠬᠢ ᠪᠠᠶᠠᠯᠢᠭ  ᠤᠨ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ  ᠳᠤ ᠬᠢᠨᠠᠯᠲᠠ ᠲᠠᠯᠪᠢᠨ᠎ᠠ᠃ ᠠᠭᠤᠷᠬᠠᠢ  ᠶᠢᠨ ᠡᠬᠢ ᠪᠠᠶᠠᠯᠢᠭ  ᠤᠨ ᠨᠥᠬᠦᠪᠦᠷᠢ ᠮᠥᠩᠭᠦ  ᠶᠢ ᠲᠠᠲᠠᠪᠤᠷᠢᠯᠠᠨ ᠲᠤᠰᠢᠶᠠᠨ᠎ᠠ᠃ ᠭᠠᠵᠠᠷ ᠰᠢᠨᠵᠢᠯᠡᠭᠡᠨ  ᠤ ᠭᠠᠮᠰᠢᠭ  ᠤᠨ ᠰᠡᠷᠭᠡᠶᠢᠯᠡᠯᠲᠡ ᠪᠠ ᠭᠠᠵᠠᠷ ᠰᠢᠨᠵᠢᠯᠡᠭᠡᠨ  ᠤ ᠥᠯᠡᠳᠡᠭᠳᠡᠯ  ᠤᠨ ᠬᠠᠮᠠᠭᠠᠯᠠᠯᠳᠠ  ᠶᠢᠨ ᠠᠵᠢᠯ  ᠢ ᠵᠤᠬᠢᠶᠠᠨ ᠪᠠᠶᠢᠭᠤᠯᠤᠨ᠎ᠠ᠃   7. ᠬᠤᠰᠢᠭᠤ ᠨᠠᠮ ᠵᠠᠰᠠᠭ᠂ᠪᠠ  ᠲᠡᠭᠡᠳᠦ ᠱᠠᠳᠤᠨ ᠤ  ᠲᠤᠰᠢᠶᠠᠭᠰᠠᠨ ᠪᠤᠰᠤᠳ ᠠᠵᠢᠯ  ᠢ  ᠪᠡᠶᠡᠯᠡᠬᠦᠯᠦᠨ᠎ᠡ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号