1. ᠤᠯᠤᠰ ᠤᠨ ᠡᠳ᠋ ᠤᠨ ᠵᠠᠰᠠᠭ᠂ ᠭᠠᠶᠢᠯᠢ ᠶᠢᠨ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠭᠡᠷᠡᠭᠵᠢᠬᠦᠯᠵᠦ᠂ ᠪᠦᠬᠦ ᠬᠤᠰᠢᠭᠤᠨ ᠤ ᠡᠳ᠋ ᠤᠨ ᠵᠠᠰᠠᠭ᠂ ᠭᠠᠶᠢᠯᠢ ᠶᠢᠨ ᠠᠵᠢᠯ ᠤᠨ ᠲᠤᠮᠳᠠ ᠤᠷᠳᠤ | ᠬᠤᠭᠤᠴᠠᠭᠠᠨ ᠤ ᠲᠦᠯᠦᠪᠵᠢᠬᠦᠯᠬᠡ᠂ ᠦᠬᠡᠷᠡᠴᠢᠯᠡᠯᠳᠡ ᠶᠢᠨ ᠠᠷᠭ᠎ᠠ ᠲᠦᠰᠦᠪ ᠵᠢᠴᠢ ᠬᠤᠯᠪᠤᠭᠳᠠᠯ ᠪᠦᠬᠦᠢ ᠲᠦᠷᠦ | ᠶᠢᠨ ᠪᠤᠳᠤᠯᠭ᠎ᠠ ᠶᠢ ᠲᠤᠭᠳᠠᠭᠠᠨ᠂ ᠡᠯ᠎ᠡ ᠲᠦᠷᠦᠯ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ | ᠲᠤᠭᠳᠠᠭᠠᠬᠤ ᠳᠤ ᠤᠷᠤᠯᠴᠠᠨ᠎ᠠ᠃ | 2. ᠡᠳ᠋ ᠤᠨ ᠵᠠᠰᠠᠭ ᠤᠨ ᠵᠢᠯ ᠤᠨ ᠲᠦᠰᠦᠪ ᠢ ᠨᠠᠶᠢᠷᠠᠭᠤᠯᠤᠨ ᠲᠤᠭᠳᠠᠬᠤ ᠶᠢᠨ ᠬᠠᠮᠳᠤ ᠵᠤᠬᠢᠶᠠᠨ | ᠪᠠᠶᠢᠭᠤᠯᠵᠤ ᠭᠡᠷᠡᠭᠵᠢᠬᠦᠯᠦᠨ᠎ᠡ︔ ᠬᠤᠰᠢᠭᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠦᠯᠳᠡ ᠬᠢᠨ᠎ᠡ︔ ᠪᠦᠬᠦ ᠬᠤᠰᠢᠭᠤᠨ ᠤ ᠡᠯ᠎ᠡ ᠲᠦᠷᠦᠯ ᠤᠨ ᠡᠳ᠋ | ᠤᠨ ᠵᠠᠰᠠᠭ ᠤᠨ ᠤᠷᠤᠯᠭ᠎ᠠ᠂ ᠲᠦᠰᠦᠪ ᠤᠨ ᠭᠠᠳᠠᠨᠠᠬᠢ ᠪᠡᠯᠡ ᠮᠦᠩᠬᠦ ᠪᠠ ᠡᠳ᠋ ᠤᠨ ᠵᠠᠰᠠᠭ ᠤᠨ ᠲᠤᠰᠬᠠᠢ | ᠡᠷᠦᠬᠡ ᠶᠢ ᠬᠠᠮᠢᠶᠠᠷᠤᠨ᠎ᠠ︔ ᠵᠠᠰᠠᠭ ᠤᠨ ᠴᠢᠨᠠᠷᠳᠠᠢ ᠰᠠᠭᠤᠷᠢ ᠮᠦᠩᠬᠦ᠂ ᠵᠠᠰᠠᠭ ᠵᠠᠬᠢᠷᠭᠠᠨ ᠤ ᠴᠢᠨᠠᠷᠳᠠᠢ | ᠬᠤᠷᠢᠶᠠᠭᠰᠠᠨ ᠰᠦᠢᠳᠭᠡᠯ᠂ ᠲᠤᠷᠭᠤᠵᠤ ᠬᠤᠷᠢᠶᠠᠮᠵᠢᠯᠠᠭᠰᠠᠨ ᠤᠷᠤᠯᠭ᠎ᠠ ᠶᠢ ᠬᠠᠮᠢᠶ᠋ᠷᠤᠨᠠ︔ ᠪᠦᠬᠦ ᠬᠤᠰᠢᠭᠤᠨ ᠤ | ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠳᠤ ᠶᠡᠷᠦᠩᠬᠡᠢ ᠲᠡᠩᠴᠡᠬᠦᠯᠬᠡ ᠬᠢᠨ᠎ᠡ᠃ | 3. ᠪᠦᠬᠦ ᠬᠤᠰᠢᠭᠤᠨ ᠤ ᠡᠳ᠋ ᠤᠨ ᠵᠠᠰᠠᠭ ᠤᠨ ᠵᠠᠷᠤᠯᠭ᠎ᠠ ᠶᠢ ᠬᠠᠮᠢᠶᠠᠷᠤᠨ᠎ᠠ︔ ᠵᠠᠰᠠᠭ ᠤᠨ ᠤᠷᠳᠤᠨ ᠤ | ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠤᠭᠳᠠᠭᠠᠬᠤ ᠪᠠ ᠭᠡᠷᠡᠭᠵᠢᠬᠦᠯᠵᠦ᠂ ᠰᠤᠮᠤ ᠰᠢᠶᠠᠩ ᠱᠠᠳᠤᠨ ᠤ | ᠡᠳ᠋ ᠤᠨ ᠵᠠᠰᠠᠭ ᠬᠢᠭᠡᠳ ᠡᠯ᠎ᠡ ᠰᠠᠯᠠᠭ᠎ᠠ ᠮᠦᠴᠢᠷ ᠤᠨ ᠲᠦᠰᠦᠪ ᠤᠨ ᠭᠡᠷᠡᠭᠵᠢᠬᠦᠯᠦᠯᠳᠡ ᠳᠤ ᠬᠢᠨᠠᠯᠳᠠ ᠲᠠᠯᠪᠢᠨ᠎ᠠ ᠃ | | 4. ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠳ᠋ ᠬᠦᠷᠦᠩᠬᠡ ᠶᠢ ᠪᠠᠶᠢᠴᠠᠭᠠᠨ ᠲᠠᠩᠰᠠᠯᠠᠨ᠎ᠠ︔ | ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ ᠮᠦᠩᠬᠦᠨ ᠤ ᠬᠠᠮᠢᠶᠠᠷᠤᠯᠳᠠ ᠶᠢ ᠬᠠᠷᠢᠭᠤᠴᠠᠵᠤ᠂ | ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠳᠡ ᠶᠢᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ ᠪᠠ ᠡᠳ᠋ ᠤᠨ | ᠶᠠᠪᠤᠳᠠᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠎ᠠ ︔ ᠪᠦᠬᠦ ᠬᠤᠰᠢᠭᠤᠨ ᠤ ᠡᠳ᠋ ᠤᠨ ᠵᠠᠰᠠᠭ ᠤᠨ | ᠨᠡᠶᠢᠬᠡᠮ ᠤᠨ ᠪᠠᠳᠤᠯᠠᠭᠠᠨ ᠤ ᠵᠠᠷᠤᠯᠭ᠎ᠠ ᠶᠢ ᠬᠠᠮᠢᠶᠠᠷᠴᠤ᠂ ᠨᠡᠶᠢᠬᠡᠮ ᠤᠨ ᠪᠠᠳᠤᠯᠠᠭᠠᠨ ᠤ ᠮᠦᠩᠬᠦ ᠶᠢᠨ ᠡᠯ᠎ᠡ | ᠲᠦᠷᠦᠯ ᠤᠨ ᠬᠠᠮᠢᠶᠠᠷᠤᠯᠳᠠ ᠶᠢᠨ ᠠᠷᠭ᠎ᠠ ᠶᠢ ᠲᠤᠭᠳᠠᠭᠠᠨ᠂ ᠡᠳ᠋ ᠤᠨ ᠵᠠᠰᠠᠭ ᠤᠨ ᠬᠢᠨᠠᠯᠳᠠ ᠲᠠᠯᠪᠢᠬᠤ ᠠᠵᠢᠯ ᠢ | ᠬᠢᠨ᠎ᠡ᠃ ᠡᠳ᠋ ᠤᠨ ᠵᠠᠰᠠᠭ ᠠᠴᠠ ᠠᠵᠤ ᠠᠬᠤᠢ ᠪᠠ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠡᠮᠵᠢᠬᠦ | ᠲᠤᠰᠬᠠᠢ ᠲᠦᠷᠦᠯ ᠤᠨ ᠪᠡᠯᠡ ᠮᠦᠩᠬᠦ ᠶᠢ ᠬᠠᠮᠢᠶᠠᠷᠴᠤ᠂ ᠭᠠᠵᠠᠷ ᠤᠷᠤᠨ ᠤ ᠮᠦᠩᠬᠦᠨ ᠬᠦᠢᠯᠬᠡᠬᠡᠨ ᠤ | ᠪᠠᠶᠢᠭᠤᠯᠤᠮᠵᠢ ᠶᠢᠨ ᠡᠳ᠋ ᠤᠨ ᠶᠠᠪᠤᠳᠠᠯ ᠳᠤ ᠬᠢᠨᠠᠯᠳᠠ ᠲᠠᠯᠪᠢᠨ᠎ᠠ᠃ | 5. ᠲᠦᠰᠦᠪ ᠤᠨ ᠪᠡᠯᠡ ᠮᠦᠩᠬᠦᠨ ᠤ ᠬᠠᠮᠢᠶᠠᠷᠤᠯᠳᠠ ᠶᠢᠨ ᠠᠷᠭ᠎ᠠ ᠲᠦᠷᠢᠮ ᠢ ᠭᠡᠷᠡᠭᠵᠢᠬᠦᠯᠬᠦ ᠶᠢᠨ ᠬᠠᠮᠳᠤ | ᠲᠦᠰᠦᠪ ᠤᠨ ᠭᠠᠳᠠᠨᠠᠬᠢ ᠪᠡᠯᠡ ᠮᠦᠩᠬᠦ ᠳᠤ ᠬᠢᠨᠠᠯᠳᠠ ᠪᠠ ᠬᠠᠮᠢᠶᠠᠷᠤᠯᠳᠠ ᠶᠠᠪᠤᠭᠤᠯᠵᠤ᠂ ᠪᠦᠬᠦ ᠬᠤᠰᠢᠭᠤᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠭᠡᠯ ᠬᠤᠷᠢᠶᠠᠬᠤ ᠪᠠ ᠰᠦᠢᠳᠭᠡᠯ ᠬᠤᠷᠢᠶᠠᠬᠤ ᠫᠢᠶᠤᠤ | ᠪᠠᠷᠢᠮᠳᠠ ᠳᠤ ᠡᠳ᠋ ᠤᠨ ᠵᠠᠰᠠᠭ ᠤᠨ ᠬᠠᠮᠢᠶᠠᠷᠤᠯᠳᠠ ᠶᠠᠪᠤᠭᠤᠯᠤᠨ᠎ᠠ᠃ | 6 . ᠦᠷᠢ ᠦᠭᠴᠡᠭᠡᠨ ᠤ ᠬᠠᠮᠢᠶᠠᠷᠤᠯᠳᠠ ᠶᠢᠨ ᠲᠤᠬᠠᠢ ᠤᠯᠤᠰ ᠤᠷᠤᠨ ᠤ ᠴᠢᠭᠯᠡᠯᠳᠡ ᠲᠦᠷᠦ ᠶᠢᠨ | ᠪᠤᠳᠤᠯᠭ᠎ᠠ ᠬᠢᠭᠡᠳ ᠲᠦᠷᠢᠮ ᠲᠤᠭᠳᠠᠭᠠᠯ ᠢ ᠭᠡᠷᠡᠭᠵᠢᠬᠦᠯᠵᠦ᠂ ᠭᠠᠳᠠᠭᠠᠳᠤ ᠶᠢᠨ ᠵᠢᠬᠡᠯᠡᠯᠬᠡ᠂ ᠲᠡᠯᠡᠬᠡᠢ ᠶᠢᠨ | ᠮᠦᠩᠬᠦᠨ ᠬᠦᠢᠯᠬᠡᠬᠡᠨ ᠤ ᠵᠤᠬᠢᠶᠠᠨ ᠪᠠᠶᠢᠭᠤᠯᠤᠯᠳᠠ ᠶᠢᠨ ᠵᠢᠬᠡᠯᠡᠯᠬᠡ ᠶᠢᠨ ᠶᠡᠷᠦᠩᠬᠡᠶᠢᠯᠡᠭᠰᠡᠨ ᠬᠠᠮᠢᠶᠠᠷᠤᠯᠳᠠ ᠶᠢ | ᠬᠠᠷᠢᠭᠤᠴᠠᠨ᠎ᠠ᠃ | 7. ᠵᠠᠰᠠᠭ ᠤᠨ ᠤᠷᠳᠤᠨ ᠤ ᠬᠤᠳᠠᠯᠳᠤᠨ ᠠᠪᠬᠤ ᠳᠤ ᠬᠢᠨᠠᠯᠳᠠ ᠲᠠᠯᠪᠢᠵᠤ᠂ ᠪᠦᠬᠦ ᠬᠤᠰᠢᠭᠤᠨ ᠤ ᠵᠠᠰᠠᠭ | ᠤᠨ ᠤᠷᠳᠤᠨ ᠤ ᠬᠤᠳᠠᠯᠳᠤᠨ ᠠᠪᠬᠤ ᠠᠵᠢᠯ ᠤᠨ ᠬᠠᠮᠢᠶᠠᠷᠤᠯᠳᠠ ᠶᠢᠨ ᠠᠷᠭ᠎ᠠ ᠪᠠ ᠭᠡᠷᠡᠭᠵᠢᠬᠦᠯᠬᠦ ᠠᠷᠭ᠎ᠠ ᠶᠢ | ᠲᠤᠭᠳᠠᠭᠠᠨ᠂ ᠵᠠᠰᠠᠭ ᠤᠨ ᠤᠷᠳᠤᠨ ᠤ ᠬᠤᠳᠠᠯᠳᠤᠨ ᠠᠪᠬᠤ ᠠᠵᠢᠯᠯᠠᠭ᠎ᠠ ᠶᠢ ᠲᠦᠷᠢᠮᠵᠢᠬᠦᠯᠵᠦ᠂ ᠬᠤᠳᠠᠯᠳᠤᠨ | ᠠᠪᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠂ ᠠᠵᠤ ᠠᠬᠤᠢ ᠶᠢᠨ ᠦᠷ᠎ᠡ ᠠᠰᠢᠭ ᠪᠠ ᠨᠡᠶᠢᠬᠡᠮ ᠤᠨ ᠦᠷ᠎ᠡ ᠠᠰᠢᠭ | ᠢ ᠨᠡᠮᠡᠭᠳᠡᠬᠦᠯᠦᠨ᠎ᠡ᠃ | 8. ᠪᠦᠬᠦ ᠬᠤᠰᠢᠭᠤᠨ ᠤ ᠨᠢᠬᠳᠠᠯᠠᠨ ᠪᠤᠳᠤᠬᠤ ᠠᠵᠢᠯ ᠢ ᠬᠠᠮᠢᠶᠠᠷᠬᠤ ᠪᠠ ᠵᠢᠯᠤᠭᠤᠳᠴᠤ᠂ ᠨᠢᠬᠳᠠᠯᠠᠨ | ᠪᠤᠳᠤᠬᠤ ᠬᠠᠤᠯᠢ ᠲᠦᠷᠢᠮ ᠢ ᠲᠤᠤᠱᠯᠠᠭᠤᠯᠤᠨ ᠭᠡᠷᠡᠭᠵᠢᠬᠦᠯᠵᠦ᠂ ᠨᠢᠬᠳᠠᠯᠠᠨ ᠪᠤᠳᠤᠬᠤ ᠠᠵᠢᠯᠳᠠᠨ ᠤ ᠬᠠᠤᠯᠢ | ᠶᠤᠰᠤᠭᠠᠷ ᠡᠬᠦᠷᠭᠡ ᠲᠤᠰᠢᠶᠠᠯ ᠢᠶᠠᠨ ᠭᠡᠷᠡᠭᠵᠢᠬᠦᠯᠬᠦ ᠶᠢ ᠪᠠᠳᠤᠯᠠᠨ᠎ᠠ ︔ ᠨᠢᠬᠳᠠᠯᠠᠨ ᠪᠤᠳᠤᠭᠴᠢ ᠶᠢᠨ ᠪᠤᠯᠪᠠᠰᠤᠷᠠᠯ | ᠢ ᠵᠤᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠳᠠ ᠪᠠ ᠴᠤᠯᠠ ᠲᠤᠭᠳᠠᠭᠠᠬᠤ | ᠠᠵᠢᠯ ᠢ ᠬᠢᠨ᠎ᠡ᠃ | 9. ᠲᠡᠭᠡᠳᠦ ᠱᠠᠳᠤᠨ ᠤ ᠡᠳ᠋ ᠤᠨ ᠵᠠᠰᠠᠭ ᠤᠨ ᠰᠢᠨᠵᠢᠯᠡᠭᠡ ᠰᠤᠳᠤᠯᠭᠠᠨ ᠤ ᠲᠦᠯᠦᠪᠯᠡᠭᠡ ᠪᠠ ᠰᠤᠷᠭᠠᠨ | ᠬᠦᠮᠦᠵᠢᠯ ᠤᠨ ᠲᠦᠯᠦᠪᠵᠢᠬᠦᠯᠬᠡ ᠶᠢ ᠭᠡᠷᠡᠭᠵᠢᠬᠦᠯᠵᠦ᠂ ᠡᠳ᠋ ᠤᠨ ᠵᠠᠰᠠᠭ ᠤᠨ ᠤᠨᠤᠯ ᠤᠨ ᠰᠤᠳᠤᠯᠭ᠎ᠠ ᠪᠠ ᠡᠳ᠋ | ᠤᠨ ᠵᠠᠰᠠᠭ ᠤᠨ ᠦᠬᠡᠷᠡᠴᠢᠯᠡᠯᠳᠡ ᠶᠢᠨ ᠰᠤᠳᠤᠯᠭ᠎ᠠ ᠬᠢᠵᠦ᠂ ᠡᠳ᠋ ᠤᠨ ᠵᠠᠰᠠᠭ ᠤᠨ ᠡᠷᠬᠢᠯᠳᠦᠯ ᠤᠨ ᠪᠠᠶᠢᠳᠠᠯ ᠢ | ᠲᠦᠰᠦᠪᠯᠡᠨ ᠵᠠᠳᠠᠯᠵᠤ᠂ ᠬᠤᠷᠸ᠎ᠠ ᠲᠤᠬᠢᠷᠠᠭᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ︔ ᠪᠦᠬᠦ ᠬᠤᠰᠢᠭᠤᠨ ᠤ | ᠡᠳ᠋ ᠤᠨ ᠵᠠᠰᠠᠭ ᠤᠨ ᠤᠬᠠᠭᠤᠯᠭ᠎ᠠ ᠬᠢᠬᠦ ᠪᠠ ᠡᠳ᠋ ᠤᠨ ᠵᠠᠰᠠᠭ ᠤᠨ ᠮᠡᠳᠡᠭᠡ ᠵᠠᠩᠬᠢ ᠲᠠᠮᠵᠢᠭᠤᠯᠬᠤ ᠠᠵᠢᠯ ᠢ | ᠬᠠᠷᠢᠭᠤᠴᠠᠨ᠎ᠠ᠃ | 10. ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠡᠯ᠎ᠡ ᠲᠦᠷᠦᠯ ᠤᠨ ᠴᠢᠭᠯᠡᠯᠳᠡ ᠲᠦᠷᠦ ᠶᠢᠨ ᠪᠤᠳᠤᠯᠭ᠎ᠠ ᠂ | ᠬᠠᠤᠯᠢ ᠲᠦᠷᠢᠮ ᠢ ᠭᠡᠷᠡᠭᠵᠢᠬᠦᠯᠦᠭᠰᠡᠨ ᠪᠠᠶᠢᠳᠠᠯ ᠳᠤ ᠬᠢᠨᠠᠯᠳᠠ ᠲᠠᠯᠪᠢᠵᠤ᠂ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠬᠠᠮᠢᠶᠠᠷᠤᠯᠳᠠ ᠶᠢᠨ ᠲᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠲᠤᠰᠬᠠᠵᠤ᠂ ᠡᠳ᠋ | ᠤᠨ ᠵᠠᠰᠠᠭ ᠤᠨ ᠬᠠᠮᠢᠶᠠᠷᠤᠯᠳᠠ ᠶᠢ ᠴᠢᠩᠭᠠᠳᠬᠠᠬᠤ ᠰᠢᠢᠳᠪᠦᠷᠢᠳᠦ ᠰᠠᠨᠠᠭᠤᠯᠭ᠎ᠠ ᠶᠢ ᠲᠤᠷᠠᠳᠤᠨ᠎ᠠ᠃ | 11. ᠲᠡᠭᠡᠳᠦ ᠱᠠᠳᠤᠨ ᠤ ᠡᠳ᠋ ᠤᠨ ᠵᠠᠰᠠᠭ ᠬᠢᠭᠡᠳ ᠬᠤᠰᠢᠭᠤ ᠨᠠᠮ ᠵᠠᠰᠠᠭ ᠤᠨ ᠲᠤᠰᠢᠶᠠᠭᠰᠠᠨ ᠪᠤᠰᠤᠳ ᠠᠵᠢᠯ | ᠡᠬᠦᠷᠭᠡ ᠶᠢ ᠬᠦᠢᠴᠡᠳᠭᠡᠨ᠎ᠡ᠃ | |