︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠵᠤ ᠠᠷᠠᠳ ᠤᠯᠠᠨ ᠤ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/8/9
  ︽ᠲᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠠᠶᠢᠵᠤ᠂ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠤᠯᠤᠨ᠎ᠠ᠃ ᠡᠨᠡ ᠵᠢᠯ  ᠲᠠᠶᠢᠹᠤᠰᠧ ᠬᠤᠰᠢᠭᠤ ᠨᠢ ᠣᠷᠣᠨ ᠠᠶᠢᠮᠠᠭ ᠤᠨ ᠠᠵᠢᠯ ᠤᠨ ᠪᠠᠶᠢᠷᠢᠯᠠᠭᠤᠯᠤᠯᠳᠠ ᠶᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ︽ᠲᠤᠯᠠᠭᠠᠯᠠᠭ᠎ᠠ ᠶᠢᠨ ᠢᠨᠵᠧᠨᠧᠷᠢᠩ︾ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ᠪᠦᠬᠦ ᠬᠦᠴᠦᠨ ᠢᠶᠠᠷ ᠬᠡᠷᠡᠭᠵᠢᠭᠦᠯᠵᠦ᠂  ︽ᠲᠤᠯᠠᠭᠠᠯᠠᠭ᠎ᠠ ᠶᠢᠨ ᠢᠨᠵᠧᠨᠧᠷᠢᠩ︾ ᠢᠶᠠᠷ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠬᠦᠯᠵᠦ ᠪᠠᠶᠢᠨ᠎ᠠ᠃  ᠤᠶᠢᠷ᠎ᠠ ᠳᠤ ᠪᠤᠤᠴᠠᠩ ᠪᠠᠯᠭᠠᠰᠤᠨ ᠤ ︽ᠲᠤᠯᠠᠭᠠᠯᠠᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠠᠬᠤᠢ ᠲᠠᠯᠠᠪᠠᠢ ᠨᠤᠭᠤᠳ ᠲᠤ ᠬᠦᠷᠬᠦᠶ᠎ᠡ᠂ ᠠᠵᠢᠯᠴᠢᠳ ᠶᠠᠭ ᠡᠯ᠎ᠡ ᠲᠦᠷᠦᠯ ᠤᠨ ᠪᠠᠷᠢᠯᠭ᠎ᠠ ᠶᠢᠨ ᠠᠵᠢᠯ ᠢᠶᠠᠨ ᠱᠠᠯᠠᠪᠳᠠᠨ ᠶᠠᠪᠤᠭᠳᠠᠭᠤᠯᠵᠤ ᠪᠠᠶᠢᠭ᠎ᠠ ᠨᠢ ᠬᠠᠷᠠᠭᠳᠠᠨ᠎ᠠ᠃ ᠣᠶᠢᠯᠠᠭᠠᠭᠰᠠᠨ ᠢᠶᠠᠷ᠂ ᠪᠤᠤᠴᠠᠩ ᠪᠠᠯᠭᠠᠰᠤᠨ ᠤ ᠡᠨᠡ ᠵᠢᠯ ᠤᠨ ᠢᠯᠴᠢ ᠬᠠᠩᠭᠠᠯᠭ᠎ᠠ ᠶᠢᠨ ᠲᠦᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ  ᠳᠤ ᠪᠠᠷᠤᠭ 3537 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠭᠤᠤᠯᠳᠠᠭᠤ 5 ᠰᠠᠭᠤᠷᠢ ᠢᠯᠴᠢ ᠰᠤᠯᠢᠭᠳᠠᠭᠤᠯᠬᠤ ᠦᠷᠳᠡᠭᠡ᠂ 16 ᠭᠡᠰᠡᠭ ᠢᠯᠴᠢ ᠬᠠᠩᠭᠠᠬᠤ ᠲᠤᠤᠷ ᠬᠤᠭᠤᠯᠠᠶ ᠶᠢᠨ ᠦᠬᠡᠷᠡᠴᠢᠯᠡᠯᠳᠡ ᠶᠢ ᠬᠢᠵᠦ᠂  1000 ᠭᠠᠷᠤᠶ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠷ ᠪᠠᠶᠢᠨ᠎ᠠ᠃ ᠲᠠᠶᠢᠹᠤᠰᠧ ᠬᠤᠰᠢᠭᠤᠨ ᠤ ᠬᠢᠨ ᠡᠶᠢᠨ ᠬᠦ᠋ ︽ᠲᠤᠯᠠᠭᠠᠯᠠᠭ᠎ᠠ ᠶᠢᠨ ᠢᠨᠵᠧᠨᠧᠷᠢᠩ︾ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠯᠤᠭ᠎ᠠ ᠨᠢᠭᠲᠠ ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ᠂ ᠪᠠᠷᠢᠯᠭ᠎ᠠ ᠶᠢᠨ ᠶᠠᠰᠤ ᠴᠢᠨᠠᠷ ᠢ ᠪᠠᠳᠤᠯᠠᠵᠤ ᠪᠠᠶᠢᠭᠠᠳ᠂ ᠣᠯᠠᠨ ᠲᠦᠮᠡᠨ ᠳᠤ ︽ᠲᠤᠯᠠᠭᠠᠯᠠᠭ᠎ᠠ ᠶᠢᠨ ᠢᠨᠵᠧᠨᠧᠷᠢᠩ  ︾ ᠤᠨ ᠠᠴᠢ ᠲᠤᠰᠠ ᠶᠢ ᠬᠦᠷᠳᠡᠭᠡᠵᠦ᠂  ᠠᠷᠠᠳ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号