ᠬᠤᠩ ᠴᠢ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠳᠤ ᠲᠤᠬᠢᠷᠠᠭᠤᠯᠤᠯᠳᠠ ᠬᠢᠭᠰᠡᠨ
ᠨᠡᠶᠢᠲᠡᠯᠡᠭᠰᠡᠨ ᠴᠠᠭ᠄
2024/8/9
  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠰᠢᠨ᠎ᠡ ᠳᠡᠭᠲᠡᠷ ᠲᠤ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠦᠷ᠎ᠡ ᠠᠮᠵᠢᠯᠳᠠ ᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ 8 ᠰᠠᠷ᠎ᠠ ᠶᠢᠨ 7 ᠤ ᠡᠳᠦᠷ ᠬᠤᠩ ᠴᠢ ᠪᠠᠯᠭᠠᠰᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠳ᠋ ᠪᠠᠯᠭᠠᠰᠤᠨ ᠳᠠᠷᠤᠭ᠎ᠠ ᠰᠢᠨ ᠱᠤ᠋ ᠴᠢᠶᠠᠩ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ ᠪᠠ ᠨᠢᠭᠡᠳᠦᠭᠡᠷ ᠱᠦᠵᠢ ᠬᠤᠷᠠᠯ ᠳᠤ ᠤᠷᠤᠯᠴᠠᠪᠠ᠃ ᠪᠠᠯᠭᠠᠰᠤᠨ ᠳᠠᠷᠤᠭ᠎ᠠ ᠰᠢᠤᠢ ᠶᠦᠨ ᠳ᠋ᠡ ᠠᠴᠠ᠂ ᠡᠯ᠎ᠡ ᠠᠵᠢᠯᠯᠠᠬᠤ ᠠᠩᠭᠢ  ᠪᠠ ᠲᠣᠰᠬᠤᠨ ᠤ ᠬᠤᠶᠠᠷ ᠵᠥᠪᠯᠡᠯ ᠨᠢ ᠬᠤᠶᠢᠰᠢᠳᠠ ᠶᠢᠨ ᠠᠵᠢᠯ ᠤᠨ ᠳᠤᠮᠳᠠ ᠪᠠᠨ ᠳᠣᠤᠷᠠᠬᠢ ᠳᠥᠷᠪᠡᠨ ᠲᠠᠯ᠎ᠠ ᠶᠢ ᠪᠡᠶᠡᠯᠡᠭᠦᠯᠬᠦ ᠬᠡᠷᠡᠭᠲᠡᠶ᠄ ᠨᠢᠭᠡ ᠳᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠪᠠ ᠲᠦᠭᠰᠢᠭᠦᠷᠢ ᠶᠢ ᠪᠥᠬᠦ ᠲᠠᠯ᠎ᠠ ᠪᠠᠷ ᠡᠮᠬᠢᠯᠡᠨ᠂ ᠠᠰᠠᠭᠤᠳᠠᠯ ᠢ  ᠴᠠᠭ ᠲᠤᠬᠠᠶ ᠳᠤᠨᠢ ᠪᠠᠶᠢᠴᠠᠭᠠᠨ ᠢᠯᠡᠷᠡᠬᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠤᠶᠠᠷ ᠲᠤ ᠢᠳᠡᠪᠬᠢᠲᠡᠶ ᠪᠠᠷ ᠡᠷᠦᠬᠡ ᠲᠤᠭᠤᠷᠢᠨ ᠰᠤᠷᠪᠤᠯᠵᠢᠯᠠᠵᠤ᠂  ᠠᠶᠢᠯ ᠡᠷᠦᠬᠡ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ ᠪᠠ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠢ ᠰᠢᠢᠳᠪᠦᠷᠢᠯᠡᠬᠦ ᠭᠡᠷᠡᠭᠳᠡᠢ᠃ ᠭᠤᠷᠪᠠ ᠳᠤ ᠠᠯᠳᠠᠭᠳᠠᠯ ᠲᠤᠳᠠᠭᠳᠠᠯ ᠢ ᠪᠠᠶᠢᠴᠠᠭᠠᠨ ᠨᠥᠬᠦᠪᠥᠷᠢᠯᠡᠵᠦ᠂ ᠲᠠᠷᠢᠶᠠᠴᠢᠨ ᠡᠷᠦᠬᠡ ᠶᠢᠨ ᠮᠡᠳᠡᠭᠡ ᠵᠠᠩᠭᠢ ᠶᠢ ᠨᠠᠷᠢᠨ ᠨᠢᠮᠪᠠᠢ ᠬᠢᠨᠠᠨ ᠬᠠᠷᠭᠤᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠰᠠᠶᠢᠨ ᠬᠢᠵᠦ᠂ ᠲᠠᠷᠢᠶᠠᠴᠢᠨ ᠡᠷᠦᠬᠡ ᠶᠢᠨ ᠣᠶᠢᠯᠠᠭᠠᠬᠤ ᠨᠤᠷᠮ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ  ᠲᠡᠭᠡᠭᠰᠢᠯᠡᠬᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠡᠭᠦᠷᠭᠡ ᠶᠢ ᠪᠡᠶᠡᠯᠡᠬᠦᠯᠬᠦ ᠭᠡᠷᠡᠭᠳᠡᠢ᠃ ᠳᠥᠷᠪᠡ ᠳᠤ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠥᠷᠥᠯ ᠵᠦᠢᠯ ᠤᠨ ᠡᠳ᠋ ᠬᠥᠷᠥᠩᠭᠡ ᠶᠢ  ᠠᠮᠢᠳᠤᠯᠢᠬᠵᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠣᠷᠣᠰᠢᠵᠤ ᠪᠠᠶᠢᠭ᠎ᠠ ᠠᠰᠠᠭᠤᠳᠠᠯ ᠤᠨ ᠰᠢᠯᠲᠠᠭᠠᠨ ᠢ ᠵᠠᠳᠠᠯᠤᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠠᠷᠭ᠎ᠠ ᠲᠦᠰᠦᠪ  ᠢ ᠲᠤᠭᠳᠠᠭᠠᠨ᠂ ᠡᠳ᠋ ᠬᠥᠷᠥᠩᠭᠡ ᠶᠢ ᠠᠮᠢᠳᠤᠯᠢᠬᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠠᠴᠠ ᠬᠤᠪᠢᠳᠠᠨ ᠬᠠᠮᠢᠶᠠᠷᠴᠤ ᠪᠠᠶᠢᠭ᠎ᠠ ᠭᠤᠤᠯᠳᠠᠯᠭ᠎ᠠ ᠲᠠᠢ ᠠᠵᠢᠯ ᠤᠨ ᠢᠶᠠᠨ ᠲᠤᠬᠠᠶ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号