ᠯᠦᠸᠧ ᠲᠦᠸᠧ ᠱᠠᠨ ᠪᠠᠯᠭᠠᠰᠤ ᠬᠥᠯᠥᠰᠥᠨ ᠠᠵᠢᠯᠴᠢᠨ ᠤ ᠴᠠᠯᠢᠩ ᠤᠨ ᠦᠷᠢᠳᠦᠯ ᠢ ᠰᠡᠷᠭᠡᠶᠢᠯᠡᠬᠦ ᠠᠵᠢᠯ ᠳᠤ ᠲᠤᠰᠬᠠᠶ ᠰᠡᠳᠦᠪᠲᠦ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/8/9
 8 ᠰᠠᠷ᠎ᠠ ᠶᠢᠨ 7 ᠤ ᠡᠳᠦᠷ᠂ ᠯᠦᠸᠧ ᠲᠦᠸᠧ ᠱᠠᠨ ᠪᠠᠯᠭᠠᠰᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠠᠵᠢᠯᠯᠠᠵᠤ ᠪᠠᠶᠢᠭ᠎ᠠ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠰᠡᠷᠭᠡᠶᠢᠯᠡᠬᠦ  ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂  ᠲᠤᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰᠬᠤᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠨᠠᠷ ᠢ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠴᠠᠭ ᠲᠤᠬᠠᠢ ᠳᠤᠨᠢ ᠬᠠᠤᠯᠢ ᠶᠣᠰᠣᠭᠠᠷ ᠤᠯᠭᠤᠬᠤ ᠭᠡᠷᠡᠭᠳᠡᠢ ᠬᠡᠵᠦ ᠱᠠᠭᠠᠷᠳᠠᠭᠰᠠᠨ ᠤ ᠬᠠᠮᠲᠤ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠲᠠᠢ ᠬᠠᠮᠲᠤ ᠪᠠᠷ ᠬᠦᠯᠦᠰᠦᠨ ᠠᠵᠢᠯᠴᠢᠨ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠬᠤ ᠪᠠ ᠬᠦᠢᠴᠡᠳᠭᠡᠬᠦ ᠶᠢ ᠱᠠᠯᠠᠪᠳᠠᠭᠤᠯᠤᠨ ᠵᠢᠯᠣᠭᠤᠳᠴᠤ᠂ ᠬᠥᠳᠡᠯᠮᠦᠷᠢ ᠶᠢᠨ ᠵᠢᠭᠤᠷᠠᠭᠠᠨ᠂ ᠴᠠᠯᠢᠩ ᠥᠷᠢᠲᠦᠬᠦ ᠠᠰᠠᠭᠤᠳᠠᠯ ᠢ ᠦᠨᠳᠦᠰᠦᠨ ᠠᠴᠠ ᠨᠢ ᠰᠡᠷᠭᠡᠶᠢᠯᠡᠨ ᠬᠤᠷᠢᠭᠯᠠᠵᠤ  ᠬᠦᠯᠦᠰᠦᠨ ᠠᠵᠢᠯᠴᠢᠨ ᠤ ᠣᠯᠪᠠᠰᠤ ᠵᠣᠬᠢᠬᠤ ᠬᠥᠯᠥᠰᠥ ᠣᠯᠭᠤᠮᠵᠢ ᠶᠢ ᠴᠠᠭ ᠲᠤᠬᠠᠶ ᠳᠤᠨᠢ ᠤᠯᠭᠤᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ᠂ ᠡᠯ᠎ᠡ ᠲᠣᠰᠬᠤᠨ ᠤ ᠬᠢᠨ ᠬᠥᠯᠥᠰᠥᠨ ᠠᠵᠢᠯᠴᠢᠨ ᠤ ᠴᠠᠯᠢᠩ ᠤᠨ ᠦᠷᠢᠳᠦᠯ ᠢ ᠰᠢᠢᠳᠪᠦᠷᠢᠯᠡᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠬᠦᠯᠵᠦ᠂  ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ  ᠪᠤᠯᠭᠠᠵᠤ ᠠᠳᠬᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠨᠡᠩ ᠡᠷᠬᠡ ᠲᠡᠭᠰᠢ ᠪᠠᠷ  ᠬᠦᠷᠳᠡᠭᠡᠬᠦ ᠭᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号