ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ —  ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠡᠬᠡᠯᠵᠢᠳᠦ  ᠪᠣᠯᠪᠠᠰᠤᠷᠠᠯ ᠡᠬᠢᠯᠡᠭᠰᠡᠨ
ᠨᠡᠶᠢᠲᠡᠯᠡᠭᠰᠡᠨ ᠴᠠᠭ᠄
2024/9/10
  9 ᠰᠠᠷ᠎ᠠ ᠶᠢᠨ 6᠎ ᠤ ᠡᠳᠦᠷ᠂  ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠡᠬᠡᠯᠵᠢᠳᠦ  ᠪᠤᠯᠪᠠᠰᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2024 ᠤᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠵᠦ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ 70 ᠭᠠᠷᠤᠶ ᠬᠥᠮᠦᠨ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠰᠤᠳᠤᠯᠤᠨ ᠶᠠᠷᠢᠯᠴᠠᠬᠤ ᠠᠩᠭᠢ ᠳᠤ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠬᠤᠩ ᠴᠧᠨ ᠢ ᠤᠷᠢᠵᠤ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠤ ᠲᠤᠩᠬᠠᠭ ᠪᠠ ᠵᠠᠮ ᠱᠤᠭᠤᠮ ᠤᠨ ᠵᠢᠷᠤᠭ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾  ᠬᠡᠮᠡᠬᠦ ᠭᠤᠤᠯ ᠰᠡᠳᠦᠪ ᠢᠶᠠᠷ ᠬᠢᠴᠢᠶᠡᠯ ᠲᠠᠶᠢᠯᠤᠮᠵᠢ ᠬᠢᠯᠭᠡᠵᠡᠶ᠃ ᠡᠯ᠎ᠡ ᠰᠤᠳᠤᠯᠤᠨ ᠶᠠᠷᠢᠯᠴᠠᠬᠤ ᠳᠤᠭᠤᠶᠢᠯᠠᠩ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠥᠭᠡᠷᠡᠴᠢᠯᠡᠯᠲᠡ ᠶᠢ    ᠪᠥᠬᠦ ᠲᠠᠯ᠎ᠠ ᠪᠠᠷ ᠬᠦᠨᠵᠡᠬᠡᠶᠢᠷᠡᠬᠦᠯᠬᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠭᠰᠠᠨ ᠪᠠᠶᠢᠨ᠎ᠠ᠃  ᠡᠨᠡ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠵᠢᠯ ᠢ  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ᠠᠴᠠ ᠭᠤᠤᠯᠯᠠᠨ ᠡᠷᠭᠢᠯᠡᠵᠦ᠂ ᠨᠡᠶᠢᠲᠡ 1 ᠬᠤᠭᠤᠴᠠᠭᠠᠨ ᠤ ᠰᠤᠳᠤᠯᠤᠨ ᠶᠠᠷᠢᠯᠴᠠᠬᠤ ᠠᠩᠭᠢ ᠪᠠ 3 ᠬᠤᠭᠤᠴᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠡᠷᠬᠢᠯᠡᠨ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠳᠤᠭᠤᠶᠢᠯᠠᠩ ᠬᠤᠪᠢᠶᠠᠵᠤ ᠰᠤᠳᠤᠯᠤᠨ ᠶᠠᠷᠢᠯᠴᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ︽ᠥᠭᠡᠷᠡᠴᠢᠯᠡᠯᠲᠡ ᠶᠢ   ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠷ ᠬᠢᠴᠢᠶᠡᠯ ᠣᠷᠣᠵᠤ᠂ ᠪᠥᠬᠦ ᠬᠤᠰᠢᠭᠤᠨ ᠤ 410 ᠨᠡᠷ᠎ᠡ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠢ  ᠪᠤᠯᠪᠠᠰᠤᠷᠠᠯ ᠳᠤ ᠤᠷᠤᠯᠴᠠᠭᠤᠯᠤᠨ᠂ ᠲᠡᠳᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠲᠥᠷᠥ ᠣᠨᠣᠯ ᠤᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠠᠵᠢᠯ ᠤᠨ ᠬᠢᠷᠢ ᠴᠢᠳᠠᠪᠤᠷᠢ ᠶᠢ ᠨᠢ ᠴᠢᠩᠭᠠᠳᠬᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号