ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠴᠠᠭᠠᠨ ᠦᠵᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
  9 ᠰᠠᠷ᠎ᠠ ᠶᠢᠨ 6 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠢ ᠶᠢ ᠲᠤᠷᠠᠰᠬᠠᠨ ᠪᠡᠯᠭᠡᠯᠡᠬᠦ ︽ᠳᠡᠷᠭᠡᠳᠡᠬᠢ ᠰᠢᠨ᠎ᠡ ᠬᠤᠪᠢᠷᠠᠯᠳᠠ ᠪᠠᠨ ᠬᠠᠷᠠᠬᠤᠢ︾ ᠠᠷᠠᠳ ᠤᠨ ᠲᠥᠯᠥᠭᠡᠯᠡᠭᠴᠢᠳ ᠤᠨ ᠪᠠᠶᠢᠴᠠᠭᠠᠨ ᠦᠵᠡᠬᠦ ᠠᠵᠢᠯᠯᠠᠭ᠎ᠠ ᠦᠷᠨᠢᠬᠦᠯᠵᠡᠢ᠃ ᠪᠠᠶᠢᠴᠠᠭᠠᠨ ᠦᠵᠡᠬᠦ ᠪᠦᠯᠬᠦᠮ ᠨᠢ ᠲᠠᠩ ᠾᠧ ᠰᠢᠨᠵᠢᠯᠡᠭᠡ  ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ᠂  ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠨ ᠨᠧᠩ  ᠢᠯᠴᠢ ᠴᠠᠬᠢᠯᠭᠠᠨ ᠤ ᠦᠢᠯᠡᠳᠪᠦᠷᠢ᠂ ᠪᠤᠤᠴᠠᠩ ᠤᠨ ᠲᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠲᠣᠮᠣ ᠵᠠᠬ᠎ᠠ ᠳᠡᠯᠭᠡᠭᠦᠷ ᠵᠡᠷᠭᠡ  ᠳᠤ ᠬᠦᠨᠵᠡᠬᠡᠶᠢᠷᠡᠨ᠂ ᠲᠠᠶᠢᠯᠪᠤᠷᠢ ᠲᠠᠨᠢᠯᠴᠠᠭᠤᠯᠭ᠎ᠠ ᠶᠢ ᠰᠣᠨᠣᠰᠴᠤ᠂  ᠠᠵᠢᠯ ᠤᠨ ᠠᠮᠵᠢᠯᠲᠠ ᠠᠬᠢᠴᠠ ᠶᠢ ᠨᠢ ᠪᠠᠶᠢᠴᠠᠭᠠᠨ ᠦᠵᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠳᠠ ᠠᠬᠢᠴᠠ ᠶᠢ ᠤᠶᠢᠯᠠᠭᠠᠭᠰᠠᠨ ᠪᠠᠶᠢᠨ᠎ᠠ᠃ ᠲᠥᠯᠥᠭᠡᠯᠡᠭᠴᠢᠳ᠂ ᠬᠤᠶᠢᠰᠢᠳᠠ ᠪᠦᠬᠦ ᠬᠤᠰᠢᠭᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠲᠤᠰ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ ᠰᠠᠨᠠᠭ᠎ᠠ ᠶᠢ ᠤᠶᠢᠯᠠᠭᠠᠨ᠂ ᠠᠷᠠᠳ ᠤᠨ ᠤᠬᠠᠭᠠᠨ ᠢ ᠨᠢᠭᠲᠠᠷᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ  ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠯᠢ ᠵᠠᠨ ᠷᠦᠢ᠂ ᠵᠠᠩ ᠸᠧᠨ ᠴᠠᠩ ᠵᠢᠴᠢ ᠤᠷᠤᠨ ᠱᠠᠳᠤ᠂  ᠬᠤᠰᠢᠭᠤ ᠱᠠᠳᠤ᠂ ᠰᠤᠮᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠡᠶᠢᠲᠡ 110 ᠭᠠᠷᠤᠶ ᠬᠥᠮᠦᠨ ᠪᠠᠶᠢᠴᠠᠭᠠᠨ ᠦᠵᠡᠬᠦ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号