ᠴᠧᠨ ᠶᠠᠨ ᠪᠦᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/10
  9 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠩ ᠴᠢ ᠪᠠᠯᠭᠠᠰᠤᠨ ᠳᠤ ᠬᠦᠨᠵᠡᠬᠡᠶᠢᠷᠡᠵᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠯᠭᠠᠰᠤᠨ ᠤ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃ ᠴᠧᠨ ᠶᠠᠨ ᠪᠦᠦ ᠭᠤᠷᠪᠠᠳᠤᠭᠠᠷ ᠪᠦᠬᠦᠳᠡ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠬᠠᠷᠠᠯᠲᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠪᠤᠳᠤᠯᠭ᠎ᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠦᠨᠳᠦᠰᠦᠨ ᠱᠠᠲᠤᠨ ᠤ ᠠᠵᠢᠯ ᠲᠠᠢ ᠤᠶᠠᠯᠳᠤᠭᠤᠯᠵᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨ ᠭᠦᠨᠵᠡᠭᠡᠢ ᠰᠢᠰᠲ᠋ᠧᠮ ᠲᠠᠢ ᠰᠠᠶᠢᠬᠠᠨ ᠲᠠᠶᠢᠯᠪᠤᠷᠢᠯᠠᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠨᠢᠭᠡ ᠳᠤ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ ᠣᠨᠣᠪᠴᠢᠲᠠᠢ ᠡᠵᠡᠮᠳᠡᠨ᠂ ᠭᠦᠨᠵᠡᠭᠡᠶᠢᠷᠡᠭᠦᠯᠬᠦ᠂ ᠳᠣᠲᠣᠭᠠᠳᠤᠵᠢᠭᠤᠯᠬᠤ᠂ ᠬᠤᠪᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠣᠯ ᠰᠢᠵᠢᠮ ᠢ ᠡᠵᠡᠮᠳᠡᠨ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠯᠠᠨ ᠲᠠᠯ᠎ᠠ ᠠᠴᠠ ᠣᠶᠢᠯᠠᠭᠠᠵᠤ᠂ ᠬᠦᠨᠵᠡᠬᠡᠢ ᠰᠠᠶᠢᠨ ᠲᠤᠤᠱᠯᠠᠭᠤᠯᠬᠤ ᠬᠡᠷᠡᠭᠲᠡᠢ᠃ ᠭᠤᠷᠪᠠ ᠳᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠠᠯᠭᠠᠰᠤᠨ ᠤ ᠭᠤᠣᠯᠳᠠᠯᠭ᠎ᠠ ᠲᠠᠢ ᠠᠵᠢᠯ ᠯᠤᠭ᠎ᠠ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠬᠡᠪᠡ᠃ ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠨᠢ ᠺᠠᠳ᠋ᠷ ᠣᠯᠠᠨ ᠲᠦᠮᠡᠨ ᠦᠵᠡᠯ ᠰᠠᠨᠠᠭ᠎ᠠ ᠶᠢ ᠨᠢ ᠤᠯᠠᠮ ᠨᠢᠬᠡᠳᠭᠡᠨ᠂  ᠴᠢᠭᠯᠡᠯ ᠢ ᠨᠢ ᠤᠯᠠᠮ ᠲᠤᠳᠤᠷᠬᠠᠶᠢᠯᠠᠵᠤ᠂ ᠢᠲᠡᠭᠡᠯ ᠵᠣᠷᠢᠭ ᠢ ᠨᠢ ᠤᠯᠠᠮ ᠴᠢᠩᠭᠠᠯᠠᠭᠠᠳ᠂ ᠬᠤᠩ ᠴᠢ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠤᠷᠠᠯ ᠲᠠᠷᠬᠠᠭᠰᠠᠨ ᠤ ᠳᠠᠷᠠᠭ᠎ᠠ ᠴᠧᠨ ᠶᠠᠨ ᠪᠦᠦ ᠪᠠᠰᠠ ᠰᠢᠨ ᠾᠧ ᠲᠣᠰᠬᠤᠨ  ᠬᠤᠩ ᠴᠢ ᠲᠣᠰᠬᠤᠨ  ᠬᠤᠩ ᠱᠧᠩ ᠲᠣᠰᠬᠤᠨ ᠳᠤ ᠬᠦᠨᠵᠡᠬᠡᠶᠢᠷᠡᠵᠦ᠂ ᠦᠨᠳᠦᠰᠦᠨ ᠱᠠᠲᠤᠨ ᠤ ᠵᠠᠰᠠᠯᠲᠠ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ  ᠤᠨ ᠪᠠᠶᠢᠳᠠᠯ ᠢ ᠪᠠᠶᠢᠴᠠᠭᠠᠨ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠲᠤᠷᠠᠳᠤᠭᠰᠠᠨ ᠪᠦᠭᠡᠳ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠣᠬᠢᠷᠠᠮᠵᠢᠲᠠᠢ ᠠᠵᠤ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠢ ᠬᠠᠶᠢᠵᠤ᠂ ᠥᠭᠡᠷᠡᠴᠢᠯᠡᠯᠲᠡ ᠬᠢᠬᠦ ᠵᠣᠷᠢᠭ᠂ ᠬᠠᠷᠢᠭᠤᠯᠲᠠ ᠥᠭᠬᠦ ᠰᠡᠳᠬᠢᠬᠦᠢ᠂ ᠰᠢᠨ᠎ᠡ ᠶᠢ ᠡᠭᠦᠳᠬᠦ ᠠᠷᠭ᠎ᠠ ᠪᠠᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠵᠤ᠂ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号