ᠲᠠᠶᠢᠹᠤᠰᠧ ᠬᠤᠰᠢᠭᠤ  ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠪᠠᠨ ᠡᠬᠢᠯᠡᠬᠦᠯᠪᠡ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 9 ᠤ ᠡᠳᠦᠷ᠂  ᠲᠠᠶᠢᠹᠤᠰᠧ ᠬᠤᠰᠢᠭᠤᠨ ᠤ 2024 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠪᠤᠤᠴᠠᠩ ᠪᠠᠯᠭᠠᠰᠤᠨ ᠤ ᠰᠢᠨ ᠬᠤᠸᠠ ᠨᠡᠶᠢᠭᠡᠮ ᠲᠣᠭᠤᠷᠢᠭ ᠲᠤ ᠶᠠᠪᠤᠭᠳᠠᠵᠤ᠂  ᠳᠡᠳ᠋ ᠬᠤᠰᠢᠭᠤ ᠳᠠᠷᠤᠭ᠎ᠠ ᠪᠦᠭᠡᠳ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠳ᠋ᠢᠩ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠠᠵᠢᠯᠯᠠᠭᠠᠨ ᠤ ᠳᠤᠮᠳᠠ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠪᠤᠰᠬᠠᠬᠤ  ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠠᠷᠭ᠎ᠠ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠴᠢᠬᠤᠯᠠ ᠬᠠᠤᠯᠢ ᠲᠦᠷᠢᠮ ᠤᠨ ᠮᠡᠳᠡᠯᠭᠡ ᠶᠢ ᠲᠠᠶᠢᠯᠪᠤᠷᠢᠯᠠᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂  ᠠᠷᠠᠳ ᠤᠯᠠᠨ ᠤ ᠠᠮᠤᠷ ᠲᠦᠪᠰᠢᠨ ᠢᠶᠠᠷ ᠰᠦᠯᠵᠢᠶ᠎ᠡ ᠬᠡᠷᠡᠭᠯᠡᠬᠦ ᠬᠢᠷᠢ ᠴᠢᠳᠠᠪᠤᠷᠢ ᠶᠢ ᠨᠢ ᠲᠡᠭᠡᠭᠰᠢᠯᠡᠬᠦᠯᠦᠭᠰᠡᠨ ᠪᠠᠶᠢᠨ᠎ᠠ  ᠃    ᠠᠷᠠᠳ ᠤᠨ ᠴᠠᠭᠳᠠᠭ᠎ᠠ ᠹᠧᠩ ᠭᠦᠸᠧ ᠾᠦᠢ ᠢᠯᠡᠷᠬᠡᠶᠢᠯᠡᠬᠦ ᠳᠡᠭᠡᠨ᠄ ︽2024 ᠤᠨ ᠪᠣᠯ ᠶᠡᠷᠦᠩᠬᠡᠶ ᠱᠦᠵᠢ ᠰᠢ ᠶᠢᠨ ᠫᠢᠩ ᠠᠴᠠ ᠰᠦᠯᠵᠢᠶᠡᠨ ᠤ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠤᠷᠠᠳᠤᠭᠰᠠᠨ 10 ᠵᠢᠯ ᠤᠨ ᠣᠶ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠣᠶ ᠮᠥᠨ᠂ ᠲᠠᠷᠠᠭᠠᠴᠢ ᠶᠢᠨ ᠠᠯᠬᠤᠮ ᠳᠤ ᠪᠢᠳᠡ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠪᠠᠨ ᠬᠠᠮᠠᠭᠠᠯᠠᠬᠤ ᠤᠬᠠᠮᠰᠠᠷ ᠪᠠ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠠᠴᠠ ᠰᠡᠷᠭᠡᠶᠢᠯᠡᠬᠦ ᠤᠬᠠᠮᠰᠠᠷ ᠢ  ᠨᠡᠮᠡᠭᠳᠡᠬᠦᠯᠦᠨ  ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠨ᠎ᠠ︾  ᠬᠡᠯ᠎ᠡ᠃     ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠵᠡᠷᠭᠡ ᠬᠠᠮᠢᠶ᠎ᠠ ᠪᠦᠬᠦᠢ ᠨᠢᠭᠡᠴᠡ ᠡᠬᠢᠯᠡᠯᠳᠡ ᠶᠢᠨ ᠶᠤᠰᠤᠯᠠᠯ ᠳᠤ ᠤᠷᠤᠯᠴᠠᠵᠤ  ᠂ ᠠᠬᠤᠢ ᠲᠠᠯᠠᠪᠠᠢ ᠳᠤ ᠰᠦᠯᠵᠢᠶᠡᠨ ᠤ ᠠᠮᠤᠷ ᠲᠦᠪᠰᠢᠨ ᠤ ᠬᠠᠮᠢᠶᠠᠳᠠᠢ ᠤᠬᠠᠭᠤᠯᠭ᠎ᠠ ᠶᠢᠨ ᠮᠠᠲ᠋ᠧᠷᠢᠶᠠᠯ ᠢ 1500 ᠭᠠᠷᠤᠢ ᠬᠤᠪᠢ ᠲᠠᠷᠬᠠᠭᠠᠵᠠᠢ᠃ ᠣᠶᠢᠯᠠᠭᠠᠭᠰᠠᠨ ᠢᠶᠠᠷ᠂ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠲᠠᠶᠢᠹᠤᠰᠧ ᠬᠤᠰᠢᠭᠤᠨ ᠤ ᠬᠢᠨ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ ᠪᠠᠶᠢᠬᠤ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠭᠤᠤᠯ ᠰᠡᠳᠦᠪ ᠤᠨ ᠲᠣᠭᠤᠷᠢᠨ ᠳᠤ ᠠᠳᠠᠯᠢ ᠪᠤᠰᠤ ᠬᠥᠮᠥᠰ ᠲᠤ ᠴᠢᠭᠯᠡᠭᠦᠯᠦᠨ ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ᠂ ᠬᠦᠳᠡᠭᠡ ᠲᠤᠰᠬᠤᠨ᠂ ᠠᠵᠤ ᠠᠬᠤᠶᠢᠯᠠᠯ᠂ ᠪᠠᠶᠢᠭᠤᠯᠭ᠎ᠠ ᠨᠢᠬᠡᠴᠡ᠂ ᠰᠤᠷᠭᠠᠭᠤᠯᠢ ᠶᠢᠨ ᠬᠦᠷᠢᠶ᠎ᠡ᠂ ᠴᠡᠷᠢᠭ ᠤᠨ ᠬᠤᠸᠠᠷᠠᠨ᠂ ᠬᠡᠷ ᠪᠦᠯᠢ ︽ᠳᠣᠯᠤᠭ᠎ᠠ ᠳᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠮᠢᠳᠤᠯᠢᠭ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠦᠨᠡᠨᠬᠦ ᠦᠨᠳᠦᠰᠦᠨ ᠱᠠᠳᠤ ᠨᠢᠬᠡᠳᠦᠭᠡᠷ ᠹᠠᠷᠤᠨᠲ ᠳᠤ ᠬᠦᠷᠬᠡᠵᠦ᠂ ᠲᠦᠭ ᠲᠦᠮᠡᠨ ᠠᠶᠢᠯ ᠡᠷᠦᠬᠡ ᠳᠤ ᠬᠦᠷᠭᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号