ᠰᠡᠴᠡᠨᠴᠣᠭᠲᠤ ᠯᠢᠶᠣᠤᠨᠢᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/9/11
   9 ᠰᠠᠷ᠎ᠠ ᠶᠢᠨ 1 ᠤ ᠡᠳᠦᠷ ᠠᠴᠠ 6 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠯᠢᠶᠣᠤᠨᠢᠩ ᠮᠤᠵᠢ ᠳᠤ ᠬᠦᠷᠴᠦ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ᠃ ᠰᠡᠴᠡᠨᠴᠣᠭᠲᠤ ᠤᠷᠢᠳ ᠬᠤᠵᠢᠳ ᠯᠢᠶᠣᠤᠨᠢᠩ ᠤᠨ ᠳ᠋ᠦᠩ ᠶᠠ ᠲᠠᠷᠢᠮᠠᠯ ᠤᠨ ᠦᠷ᠎ᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠬᠢᠵᠠᠭᠠᠷᠲᠤ ᠺᠣᠮᠫᠠᠨᠢ᠂ ᠱᠧᠨᠶᠠᠩ ᠤᠨ ᠼᠠᠩ ᠳ᠋ᠠ ᠠᠮᠤ ᠲᠣᠰᠣᠨ ᠤ ᠬᠢᠵᠠᠭᠠᠷᠲᠤ ᠺᠣᠮᠫᠠᠨᠢ᠂  ᠴᠠᠩ ᠲᠦ᠋ ᠰᠢᠶᠠᠨ ᠤ ᠹᠧᠩ ᠮᠠᠨ ᠶᠤᠸᠠᠨ ᠡᠷᠳᠡᠨᠢ ᠰᠢᠰᠢ ᠲᠠᠷᠢᠬᠤ ᠲᠤᠰᠬᠠᠢ ᠬᠤᠷᠰᠢᠶ᠎ᠠ᠂  ᠴᠠᠩ ᠲᠦ᠋ ᠰᠢᠶᠠᠨ ᠤ ᠶᠠᠩ ᠢᠦᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ᠂ ᠯᠢᠶᠣᠤᠨᠢᠩ ᠤᠨ ᠾᠧ ᠱᠦᠨ ᠣᠷᠭᠠᠨᠢᠭ ᠲᠠᠷᠢᠮᠠᠯ ᠤᠨ ᠬᠢᠵᠠᠭᠠᠷᠲᠤ ᠺᠣᠮᠫᠠᠨᠢ᠂ ᠳ᠋ᠠ ᠯᠢᠶᠠᠨ ᠤ ᠢ ᠳ᠋ᠦ᠋ ᠬᠦᠢᠳᠡᠨ ᠬᠡᠯᠬᠢᠶᠡᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠳᠠᠪᠠᠭᠤᠯᠢᠭ ᠪᠠ ᠢᠷᠡᠭᠡᠳᠦᠢ ᠶᠢᠨ ᠬᠥᠭᠵᠢᠯᠲᠡ ᠶᠢᠨ ᠪᠠᠶᠢᠳᠠᠯ ᠢ ᠤᠶᠢᠯᠠᠭᠠᠵᠠᠢ᠃  ᠪᠠᠶᠢᠴᠠᠭᠠᠨ ᠰᠤᠳᠤᠯᠬᠤ ᠶᠢᠨ ᠲᠠᠭᠠᠤ ᠲᠠᠶᠢᠹᠤᠰᠧ ᠬᠤᠰᠢᠭᠤᠨ ᠤ ᠪᠠᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠤᠨ ᠴᠢᠬᠤᠯᠠ  ᠬᠦᠴᠦᠨ ᠵᠦᠢᠯ ᠤᠨ ᠲᠣᠬᠢᠷᠠᠭᠤᠯᠤᠯᠲᠠ ᠶᠢᠨ ᠪᠠᠶᠢᠳᠠᠯ ᠵᠡᠷᠭᠡ ᠶᠢ ᠬᠠᠮᠢᠶ᠎ᠠ ᠪᠦᠬᠦᠢ ᠬᠤᠳᠠᠯᠳᠤᠭᠠᠴᠢᠳ ᠤᠨ ᠡᠪᠯᠡᠯ ᠪᠠ ᠠᠵᠤ ᠠᠬᠤᠶᠢᠯᠠᠯ ᠤᠳ ᠲᠤ ᠲᠠᠨᠢᠯᠴᠠᠭᠤᠯᠵᠤ᠂  ᠲᠡᠳᠡᠨ ᠢ ᠲᠠᠶᠢᠹᠤᠰᠧ ᠬᠤᠰᠢᠭᠤᠨ ᠳᠤ ᠪᠡᠯᠡ ᠣᠷᠣᠭᠤᠯᠤᠨ ᠦᠢᠯᠡᠰ ᠪᠤᠰᠬᠠᠵᠤ᠂  ᠬᠠᠮᠲᠤ ᠪᠠᠷ‌‍ᠭ᠊ ‍ᠥ᠋ᠭᠵᠢᠯᠲᠡ ᠶᠢ ᠰᠦᠪᠡᠭᠴᠢᠯᠡᠨ᠂  ᠬᠠᠮᠲᠤ ᠪᠠᠷ ᠠᠰᠢᠭ  ᠬᠦᠷᠳᠡᠳᠦᠬᠡᠢ ᠬᠡᠵᠦ ᠤᠷᠢᠭᠰᠠᠨ ᠪᠠᠶᠢᠨ᠎ᠠ᠃ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠨᠢ ᠱᠧᠨᠶᠠᠩ ᠬᠤᠲᠠ ᠶᠢᠨ ᠱᠧᠨ ᠪᠸᠢ ᠰᠢᠨ᠎ᠡ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠩ ᠲᠦ᠋ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠯᠢᠶᠣᠤᠨᠢᠩ ᠮᠤᠵᠢ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ᠂ ᠱᠧᠨᠶᠠᠩ  ᠳᠠᠬᠢ ᠲᠦᠩᠯᠢᠶᠣᠤ ᠶᠢᠨ ᠬᠤᠳᠠᠯᠳᠤᠭᠠᠴᠢᠳ ᠤᠨ ᠡᠪᠯᠡᠯ᠂ ᠳ᠋ᠠᠯᠢᠶᠠᠨ ᠳᠠᠬᠢ ᠳ᠋ᠠᠨᠳᠦ᠋ᠩ ᠤᠨ ᠬᠤᠳᠠᠯᠳᠤᠭᠠᠴᠢᠳ ᠤᠨ ᠡᠪᠯᠡᠯ ᠤᠨ ᠬᠦᠴᠦᠲᠡᠶ ᠳᠡᠮᠵᠢᠯᠭᠡ ᠶᠢ ᠤᠯᠵᠠᠢ᠃  ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号