ᠲᠠᠶᠢᠹᠤᠰᠧ ᠬᠤᠰᠢᠭᠤᠨ ᠤ ᠬᠢᠨ ᠪᠠᠭᠰᠢ ᠶᠢᠨ ᠪᠠᠶᠠᠷ ᠢᠶᠠᠨ ᠤᠳᠬ᠎ᠠ ᠠᠭᠤᠯᠭ᠎ᠠ ᠲᠠᠢ ᠲᠤᠷᠠᠰᠬᠠᠨ ᠪᠡᠯᠬᠡᠯᠡᠪᠡ
ᠨᠡᠶᠢᠲᠡᠯᠡᠭᠰᠡᠨ ᠴᠠᠭ᠄
2024/9/11
   ᠲᠦᠴᠢᠳᠡᠬᠢ ᠪᠠᠭᠰᠢ ᠶᠢᠨ ᠪᠠᠶᠠᠷ ᠤᠨ ᠬᠤᠭᠤᠴᠠᠭᠠᠨ ᠳᠤ᠂ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠠᠭᠰᠢ ᠶᠢᠨ ᠪᠠᠶᠠᠷ ᠢᠶᠠᠨ ᠪᠡᠯᠬᠡᠯᠡᠬᠦ ᠪᠠᠶᠠᠯᠢᠭ ᠰᠠᠶᠢᠬᠠᠨ ᠬᠦᠳᠡᠯᠪᠦᠷᠢ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠥᠷᠭᠡᠨ ᠣᠯᠠᠨ ᠪᠠᠭᠰᠢ ᠨᠠᠷ ᠤᠨ ᠰᠤᠷᠭᠠᠨ ᠬᠦᠮᠦᠵᠢᠬᠦᠯᠦᠭᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ  ᠂ ᠪᠥᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠎ᠠ᠃  ᠨᠢᠭᠡᠳᠦᠭᠡᠷ ᠳᠤᠮᠳᠠᠳᠤ ᠰᠤᠷᠭᠠᠭᠤᠯᠢ ᠨᠢ  ︽ᠰᠤᠷᠭᠠᠨ ᠬᠦᠮᠦᠵᠢᠬᠦᠯᠦᠭᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠭᠠᠨ ᠬᠦᠮᠦᠵᠢᠯ ᠤᠨ ᠬᠦᠴᠦᠷᠭᠡᠭ ᠤᠯᠤᠰ  ᠢ ᠪᠠᠢᠭᠤᠯᠬᠤ︾ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠪᠠᠭᠰᠢ ᠨᠠᠷ ᠬᠢᠴᠢᠶᠡᠯ ᠤᠨ ᠲᠢᠩᠬᠢᠮ ᠳᠠᠬᠢ ᠲᠥᠪ ᠴᠢᠩᠭ᠎ᠠ ᠳᠦᠷᠢ ᠲᠥᠷᠬᠦ ᠪᠠᠨ ᠬᠤᠪᠢᠷᠠᠭᠤᠯᠵᠤ᠂  ᠤᠷᠠᠨ ᠤᠩᠰᠢᠯᠭ᠎ᠠ᠂ ᠳᠠᠭᠤᠤ ᠪᠥᠵᠢᠭ  ᠤᠨ ᠲᠤᠭᠯᠠᠯᠳᠠ ᠳᠤ ᠤᠷᠤᠯᠴᠠᠭᠠᠳ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠢ ᠲᠥᠷᠬᠦ ᠶᠢ ᠢᠯᠡᠷᠡᠭᠦᠯᠪᠡ᠃ ᠲᠣᠭᠯᠠᠯᠲᠠ ᠶᠢᠨ ᠬᠤᠭᠤᠴᠠᠭᠠᠨ ᠳᠤ ᠰᠤᠷᠭᠠᠭᠤᠯᠢ ᠠᠴᠠ ᠪᠠᠰᠠ ᠰᠢᠯᠢᠳᠡᠭ ᠪᠠᠭᠰᠢ ᠠᠵᠢᠯᠳᠠᠨ ᠢᠶᠠᠨ ᠬᠥᠬᠢᠭᠦᠯᠦᠨ  ᠰᠠᠶᠢᠰᠢᠶᠠᠭᠰᠠᠨ ᠪᠠᠶᠢᠨ᠎ᠠ᠃  ᠬᠤᠶᠠᠳᠤᠭᠠᠷ ᠪᠠᠭ᠎ᠠ ᠰᠤᠷᠭᠠᠭᠤᠯᠢ  ᠨᠢ ᠪᠠᠭᠰᠢ ᠨᠠᠷ ᠲᠠᠭᠠᠨ ᠰᠤᠷᠭᠤᠭ ᠴᠡᠴᠡᠭ ᠬᠦᠷᠭᠡᠬᠦ ᠠᠵᠢᠯᠯᠠᠭ᠎ᠠ ᠥᠷᠨᠢᠭᠦᠯᠵᠦ᠂ ᠰᠤᠷᠤᠭᠴᠢᠳ ᠡᠷᠳᠡᠮ ᠰᠤᠶᠤᠯ  ᠤᠨ ᠰᠢᠮ᠎ᠡ ᠶᠢ ᠬᠦᠷᠳᠡᠭᠡᠭᠰᠡᠨ ᠡᠷᠬᠢᠮ ᠬᠦᠨᠳᠦᠲᠦ ᠪᠠᠭᠰᠢ ᠨᠠᠷ ᠲᠠᠭᠠᠨ ᠦᠩᠭᠡ ᠦᠩᠭᠡ ᠶᠢᠨ ᠰᠣᠷᠭᠤᠭ ᠴᠡᠴᠡᠭ ᠢ ᠬᠦᠨᠳᠦᠳᠬᠡᠨ ᠲᠡᠪᠰᠢᠬᠦᠯᠵᠦ᠂  ᠠᠴᠢᠳᠤ ᠪᠠᠭᠰᠢ ᠪᠠᠨ ᠬᠦᠨᠳᠦᠳᠬᠡᠵᠦ ᠬᠠᠶᠢᠷᠠᠯᠠᠬᠤ ᠬᠠᠯᠠᠭᠤᠨ ᠰᠡᠳᠭᠢᠯᠭᠡ ᠪᠠᠨ ᠢᠯᠡᠳᠭᠡᠵᠡᠢ᠃  ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ   ᠨᠢ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠳ ᠢ ᠵᠣᠬᠢᠶᠠᠨ ᠪᠠᠶᠢᠭᠤᠯᠵᠤ᠂ ᠪᠠᠭᠰᠢ ᠶᠢᠨ ᠪᠠᠶᠠᠷ  ᠲᠤ ᠵᠤᠷᠢᠭᠤᠯᠤᠭᠰᠠᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠢ ᠡᠷᠬᠢᠯᠡᠭᠡᠳ᠂  ᠡᠯ᠎ᠡ ᠰᠤᠷᠭᠠᠭᠤᠯᠢ ᠴᠡᠴᠡᠷᠯᠢᠭ  ᠤᠨ 200 ᠭᠠᠷᠤᠶ ᠪᠠᠭᠰᠢ ᠠᠵᠢᠯᠲᠠᠨ ᠤᠷᠤᠯᠳᠤᠭᠠᠨ ᠳᠤ ᠤᠷᠤᠯᠴᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠴᠤᠭ ᠵᠢᠪᠬᠤᠭ᠎ᠠ ᠶᠢ ᠢᠯᠡᠷᠡᠭᠦᠯᠪᠡ᠃ ᠪᠠᠭᠰᠢ ᠶᠢᠨ ᠪᠠᠶᠠᠷ ᠤᠨ ᠡᠳᠦᠷ ᠢᠶᠠᠷ   ᠪᠥᠬᠦ ᠬᠤᠰᠢᠭᠤᠨ ᠤ  ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠠᠳᠠᠯᠢ ᠪᠤᠰᠤ ᠬᠡᠯᠪᠡᠷᠢ ᠪᠠᠷ ᠪᠠᠭᠰᠢ ᠶᠢᠨ ᠪᠠᠶᠠᠷ ᠢ ᠪᠡᠯᠭᠡᠯᠡᠬᠦ ᠬᠦᠳᠡᠯᠪᠦᠷᠢ ᠠᠵᠢᠯᠯᠠᠭ᠎ᠠ ᠦᠷᠨᠢᠬᠦᠯᠵᠡᠢ᠃ ᠤᠢᠢᠷ᠎ᠠ ᠶᠢᠨ ᠵᠢᠯ ᠳᠤ᠂ ᠲᠠᠶᠢᠹᠤᠰᠧ  ᠬᠤᠰᠢᠭᠤᠨ ᠤ  ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠲᠣᠭᠤᠷᠢᠨ ᠳᠤ  ︽ᠰᠤᠷᠭᠠᠨ ᠬᠦᠮᠦᠵᠢᠯ ᠤᠨ ᠬᠦᠴᠦᠷᠭᠡᠭ ᠤᠯᠤᠰ︾ ᠢ ᠪᠠᠶᠢᠭᠤᠯᠬᠤ ᠬᠠᠷᠠᠯᠳᠠ ᠶᠢ ᠴᠢᠭᠯᠡᠵᠦ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ   ᠲᠠᠰᠤᠷᠠᠯᠳᠠ ᠦᠬᠡᠢ ᠰᠢᠯᠢᠳᠡᠭᠵᠢᠬᠦᠯᠦᠨ᠂ ᠰᠤᠷᠭᠠᠨ ᠬᠥᠮᠦᠵᠢᠯ ᠤᠨ ᠬᠠᠲᠠᠭᠤ ᠲᠤᠨᠤᠭ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡ ᠶᠢ ᠬᠦᠴᠦᠷᠭᠡᠭᠵᠢᠬᠦᠯᠦᠨ ᠰᠢᠯᠢᠳᠡᠭᠵᠢᠬᠦᠯᠦᠭᠡᠳ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠢ ᠲᠠᠶᠢᠴᠢᠯᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ ᠮᠤᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号