ᠬᠤᠰᠢᠭᠤᠨ ᠤ ᠤᠳᠤᠷᠢᠳᠤᠯᠭ᠎ᠠ ᠨᠠᠷ ︽ᠪᠠᠭᠰᠢ ᠶᠢᠨ ᠪᠠᠶᠠᠷ︾ ᠤᠨ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/9/11
   ᠲᠦᠴᠢᠳᠡᠬᠢ ᠪᠠᠭᠰᠢ ᠶᠢᠨ ᠪᠠᠶᠠᠷ ᠬᠦᠷᠴᠦ ᠢᠷᠡᠬᠦ ᠪᠠᠷ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ  ᠲᠤᠭᠤᠶᠢᠯᠠᠩ ᠬᠤᠪᠢᠶᠠᠵᠤ ᠰᠤᠷᠭᠠᠭᠤᠯᠢ ᠪᠠᠷ ᠬᠦᠨᠵᠡᠬᠡᠶᠢᠷᠡᠨ ᠥᠷᠭᠡᠨ ᠣᠯᠠᠨ ᠪᠠᠭᠰᠢ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠳᠤ ᠲᠡᠳᠡᠨ ᠲᠠᠢ ᠲᠤᠳᠤᠨᠤᠰᠤᠭ ᠢᠶᠠᠷ ᠶᠠᠷᠢᠯᠴᠠᠨ ᠵᠤᠭᠤᠭᠳᠠᠵᠤ᠂  ᠠᠵᠢᠯ ᠠᠮᠢᠳᠤᠷᠠᠯ ᠤᠨ ᠪᠠᠶᠢᠳᠠᠯ ᠢ ᠨᠢ ᠤᠶᠢᠯᠠᠭᠠᠨ  ᠂ ᠪᠠᠭᠰᠢ ᠠᠵᠢᠯᠳᠠᠳ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠣᠭ ᠰᠠᠨᠠᠭ᠎ᠠ ᠪᠠᠨ ᠢᠮᠠᠭᠲᠠ ᠦᠢᠯᠡᠳᠦᠯᠭᠡᠵᠢᠭᠦᠯᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠶᠢᠷ᠎ᠠ ᠰᠡᠳᠬᠢᠯᠭᠡ ᠪᠠᠨ ᠡᠭᠦᠷᠢᠳᠡ ᠬᠠᠳᠠᠭᠠᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠳᠦᠬᠡᠢ ᠭᠡᠵᠦ ᠬᠦᠰᠡᠨ ᠨᠠᠶᠢᠳᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠴᠧᠨ ᠶᠠᠨ ᠪᠦᠦ ᠲᠤᠬᠤᠨᠢᠭᠤᠯᠭ᠎ᠠ ᠬᠢᠬᠦ ᠳᠡᠭᠡᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠬᠦᠴᠦ ᠬᠥᠯᠥᠰᠥ ᠰᠢᠩᠭᠡᠵᠦ ᠪᠠᠶᠢᠭ᠎ᠠ᠂ ᠡᠨᠡ ᠪᠣᠯ ᠦᠶ᠎ᠡ ᠦᠶ᠎ᠡ ᠶᠢᠨ ᠰᠤᠷᠭᠠᠨ ᠬᠥᠮᠦᠵᠢᠯ ᠤᠨ ᠠᠵᠢᠯᠲᠠᠨ ᠤ ᠬᠦᠳᠡᠯᠮᠦᠷᠢ ᠴᠢᠷᠮᠠᠶᠢᠯᠭ᠎ᠠ ᠶᠢᠨ ᠦᠷ᠎ᠡ ᠪᠦᠳᠦᠭᠡᠯ ᠶᠤᠮ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠢᠭᠠᠨ ᠰᠤᠷᠭᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠤᠨ ᠠᠵᠠ ᠵᠢᠷᠭᠠᠯ ᠤᠨ ᠲᠦᠷᠦᠭᠳᠡᠯ ᠲᠠᠢ᠂ ᠠᠮᠵᠢᠯᠲᠠ ᠪᠦᠲᠦᠮᠵᠢ ᠶᠢᠨ ᠲᠦᠷᠦᠭᠳᠡᠯ ᠲᠠᠢ᠂ ᠢᠷᠠᠭᠤ ᠠᠯᠳᠠᠷ ᠤᠨ ᠲᠦᠷᠦᠭᠳᠡᠯ ᠲᠠᠢ ᠪᠠᠶᠢᠯᠭᠠᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号