ᠲᠠᠶᠢᠹᠤᠰᠧ ᠬᠤᠰᠢᠭᠤ ᠤᠵᠢᠭ ᠡᠪᠡᠳᠴᠢᠨ ᠢ ᠲᠦᠷᠭᠡᠨ ᠤᠨᠤᠰᠢᠯᠠᠵᠤ ᠡᠮ ᠡᠮᠨᠡᠯᠭᠡ ᠶᠢᠨ ᠦᠢᠯᠡᠴᠢᠯᠡᠭᠡ  ᠶᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/9/11
   ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠵᠢᠭ ᠡᠪᠡᠳᠴᠢᠲᠡᠨ ᠤ ᠬᠦᠴᠢᠷᠳᠡᠯ ᠵᠤᠪᠠᠨᠢᠯ ᠢ ᠬᠦᠩᠭᠡᠷᠡᠬᠦᠯᠬᠦ ᠶᠢᠨ ᠲᠥᠯᠥᠭᠡ  ᠂ ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠤᠵᠢᠭ ᠡᠪᠡᠳᠴᠢᠨ ᠤ ᠲᠦᠪᠯᠡᠷᠡᠬᠦᠯᠦᠨ ᠤᠨᠤᠰᠢᠯᠠᠬᠤ ᠠᠵᠢᠯ ᠢ ᠦᠷᠨᠢᠬᠦᠯᠦᠭᠡᠳ᠂  ᠠᠷᠠᠳ ᠢᠷᠭᠡᠳ ᠲᠤ ᠨᠡᠩ ᠳᠥᠭᠦᠮ ᠲᠦᠳᠡ ᠥᠨᠳᠥᠷ ᠪᠦᠲᠦᠮᠵᠢᠲᠡᠢ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠤᠢ᠃ 9 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠤᠩ ᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠬᠦ ᠳᠤ᠂ ᠡᠮᠨᠡᠯᠭᠡ ᠶᠢᠨ ᠠᠵᠢᠯᠲᠠᠳ ᠶᠠᠭ ᠲᠣᠰᠬᠤᠨ ᠤ ᠠᠷᠠᠳ ᠤᠨ ᠪᠡᠶ᠎ᠡ ᠶᠢᠨ ᠪᠠᠶᠢᠳᠠᠯ ᠪᠠ ᠡᠪᠡᠳᠴᠢᠨ ᠤ ᠲᠡᠦᠬᠡ ᠶᠢ  ᠨᠠᠷᠢᠨ ᠨᠢᠮᠪᠠᠶ ᠯᠠᠪᠯᠠᠨ ᠠᠰᠠᠭᠤᠵᠤ᠂ ᠴᠢᠰᠤᠨ ᠳᠠᠷᠤᠯᠲᠠ ᠶᠢ ᠬᠡᠮᠵᠢᠵᠦ ᠪᠠᠶᠢᠯ᠎ᠠ᠃ ᠡᠬᠦᠨ ᠤ ᠬᠠᠮᠳᠤ ᠣᠯᠠᠨ ᠲᠦᠮᠡᠨ ᠢ ᠬᠠᠪᠰᠤᠷᠤᠨ ᠲᠠᠩᠰᠠ ᠮᠠᠲ᠋ᠧᠷᠢᠶᠠᠯ ᠢ ᠨᠢ ᠡᠮᠬᠢᠯᠡᠵᠦ᠂ ᠣᠯᠠᠨ ᠲᠦᠮᠡᠨ ᠤ ᠠᠰᠠᠭᠤᠭᠰᠠᠨ ᠵᠦᠢᠯ ᠳᠤ ᠬᠦᠯᠢᠴᠡᠩᠭᠦᠶ ᠪᠠᠷ ᠬᠠᠷᠢᠭᠤᠯᠳᠠ ᠦᠭᠴᠦ᠂ ᠡᠷᠡᠮᠡᠯᠵᠡᠯᠡᠨ ᠬᠦᠢᠴᠡᠳᠭᠡᠬᠦ ᠶᠠᠪᠤᠴᠠ ᠶᠢ ᠠᠯᠢ ᠴᠢᠳᠠᠬᠤ ᠪᠠᠷ ᠲᠦᠬᠦᠮᠴᠢᠯᠡᠨ  ᠂ ᠭᠦᠢᠴᠡᠳᠭᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂  ᠤᠵᠢᠭ ᠡᠪᠡᠳᠴᠢᠨ ᠢ ᠤᠬᠤᠷᠬᠠᠨ ᠬᠤᠭᠤᠴᠠᠭᠠᠨ ᠳᠤ ᠤᠨᠤᠰᠢᠯᠠᠨ ᠲᠣᠭᠲᠠᠭᠠᠬᠤ ᠪᠠᠷ ᠲᠠᠮᠵᠢᠭᠠᠳ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠦᠨᠡᠨᠬᠦ ᠨᠡᠪᠳᠡᠷᠡᠬᠦᠯᠵᠡᠢ᠃ ᠤᠨᠤᠰᠢᠯᠠᠨ ᠲᠤᠭᠳᠠᠭᠠᠭᠳᠠᠭᠰᠠᠨ ᠤᠵᠢᠭ ᠡᠪᠡᠳᠴᠢᠳᠡᠨ ᠨᠢ  ᠡᠮᠨᠡᠯᠬᠡ ᠶᠢᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠬᠦ᠂ ᠬᠠᠮᠢᠶ᠎ᠠ ᠪᠥᠬᠦᠶ ᠡᠮ ᠤᠨ ᠵᠦᠢᠯ ᠢ ᠬᠤᠳᠠᠯᠳᠤᠨ ᠠᠪᠬᠤ ᠳᠤ ᠡᠬᠢᠯᠡᠵᠦ ᠲᠦᠯᠦᠬᠦ ᠪᠠᠷᠢᠮᠵᠢᠶ᠎ᠠ ᠶᠢ ᠪᠠᠭᠤᠷᠠᠭᠤᠯᠬᠤ ᠵᠡᠷᠭᠡ ᠲᠤᠰᠬᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠳᠡᠬᠦ ᠪᠤᠯᠬᠤᠷ ᠡᠪᠡᠳᠴᠢᠲᠡᠨ ᠪᠠ ᠬᠡᠷ ᠪᠦᠯᠢ ᠶᠢᠨ ᠬᠢᠨ  ᠤ ᠠᠵᠤ ᠠᠬᠤᠶ ᠶᠢᠨ ᠳᠠᠷᠤᠭᠠᠰᠤ ᠶᠢ ᠲᠦᠢᠯ ᠤᠨ ᠶᠡᠭᠡ ᠪᠠᠷ ᠬᠦᠩᠬᠡᠷᠡᠬᠦᠯᠬᠦ ᠪᠤᠯᠤᠨ᠎ᠠ᠃ ᠣᠶᠢᠯᠠᠭᠠᠭᠰᠠᠨ ᠢᠶᠠᠷ᠂  ᠡᠨᠡ ᠤᠳᠠᠭᠠᠨ ᠤ ᠤᠵᠢᠭ‌‍ᠶ ᠡᠪᠡᠳᠴᠢᠨ ᠢ ᠲᠥᠪᠯᠡᠷᠡᠭᠦᠯᠦᠨ ᠤᠨᠤᠰᠢᠯᠠᠬᠤ ᠠᠵᠢᠯ ᠨᠢ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠶᠢ ᠬᠠᠮᠤᠷᠴᠤ᠂  ᠤᠳᠤ ᠪᠣᠯᠲᠠᠯ᠎ᠠ 4000 ᠭᠠᠷᠤᠶ ᠬᠦᠮᠦᠨ ᠳᠤ ᠤᠨᠤᠰᠢᠯᠠᠯᠳᠠ ᠬᠢᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号