ᠲᠠᠶᠢᠹᠤᠰᠧ ᠬᠤᠰᠢᠭᠤ ᠳᠣᠤᠷ᠎ᠠ ᠬᠠᠭᠠᠰ ᠵᠢᠯ ᠤᠨ ᠴᠡᠷᠢᠭ ᠤᠨ ᠨᠡᠷᠡᠰ ᠢ ᠬᠢᠨᠠᠨ ᠲᠤᠭᠳᠠᠭᠠᠬᠤ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/9/12
  9 ᠰᠠᠷ᠎ᠠ ᠶᠢᠨ 11 ᠤ ᠡᠳᠦᠷ᠂  ᠲᠠᠶᠢᠹᠤᠰᠧ ᠬᠤᠰᠢᠭᠤ 2024 ᠣᠨ ᠤ ᠳᠣᠤᠷ᠎ᠠ ᠬᠠᠭᠠᠰ ᠵᠢᠯ ᠤᠨ ᠴᠡᠷᠢᠭ  ᠤᠨ ᠨᠡᠷᠡᠰ ᠢ ᠬᠢᠨᠠᠨ ᠲᠣᠭᠲᠠᠭᠠᠬᠤ  ᠠᠵᠢᠯ ᠤᠨ ᠬᠤᠷᠠᠯ  ᠬᠤᠷᠠᠯᠳᠤᠭᠤᠯᠵᠤ᠂  ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠠᠩ ᠵᠢᠩ ᠶᠠᠨ ᠬᠤᠷᠠᠯ ᠢ ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠯᠢᠦ ᠰᠢᠨ ᠹᠧᠩ ᠬᠤᠷᠠᠯ ᠳᠤ ᠣᠷᠣᠯᠴᠠᠵᠠᠶ᠃ ᠬᠤᠷᠠᠯ ᠲᠡᠭᠡᠷ᠎ᠡ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠ ᠴᠡᠷᠢᠭ ᠤᠨ ᠨᠡᠷᠡᠰ ᠢ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠰᠤᠷᠤᠯᠴᠠᠵᠤ᠂ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ᠂ ᠪᠡᠶ᠎ᠡ ᠶᠢᠨ ᠪᠠᠶᠢᠴᠠᠭᠠᠯᠲᠠ᠂ ᠤᠯᠤᠰ ᠲᠦᠷᠦ ᠶᠢᠨ ᠰᠢᠯᠭᠠᠯᠲᠠ᠂ ᠰᠤᠷᠤᠯᠭ᠎ᠠ ᠶᠢᠨ ᠨᠠᠮᠲᠠᠷ ᠤᠨ ᠬᠢᠨᠠᠯᠳᠠ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠰᠠᠨ ᠪᠠᠶᠢᠳᠠᠯ ᠵᠢᠴᠢ ᠴᠡᠷᠢᠭ  ᠤᠨ ᠨᠡᠷᠡᠰ ᠲᠣᠭᠲᠠᠭᠠᠬᠤ ᠲᠦᠰᠦᠪ ᠢ ᠰᠣᠨᠣᠰᠪᠠ᠃ ᠬᠤᠷᠠᠯ ᠠᠴᠠ 2024 ᠣᠨ ᠤ ᠳᠣᠣᠷ᠎ᠠ ᠬᠠᠭᠠᠰ ᠵᠢᠯ ᠤᠨ ᠡᠯᠰᠡᠬᠦ ᠴᠡᠷᠢᠭ ᠤᠨ ᠨᠡᠷᠡᠰ᠂ ᠨᠥᠬᠦᠪᠥᠷᠢᠯᠡᠬᠦ ᠬᠥᠮᠦᠰ ᠤᠨ ᠨᠡᠷᠡᠰ ᠤᠨ ᠵᠢᠭᠰᠠᠭᠠᠯᠲᠠ ᠶᠢ ᠪᠠᠳᠤᠯᠠᠭᠰᠠᠨ ᠪᠠᠶᠢᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠤᠬᠠᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠨ᠂ ᠡᠯ᠎ᠡ ᠰᠤᠮᠤ ᠰᠢᠶᠠᠩ ᠪᠠᠯᠭᠠᠰᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠤᠨ ᠬᠢᠨᠠᠯᠲᠠ ᠲᠠᠯᠪᠢᠭᠴᠢᠳ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号