ᠯᠦᠸᠧ ᠲᠦᠸᠧ ᠱᠠᠨ ᠪᠠᠯᠭᠠᠰᠤ ︽ᠶᠢᠰᠦᠨ ᠪᠠᠭ᠎ᠠ ᠲᠠᠯᠠᠪᠤᠷ︾ ᠤᠨ ᠠᠶᠤᠯᠭᠦᠶ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠯ᠎ᠠ
ᠨᠡᠶᠢᠲᠡᠯᠡᠭᠰᠡᠨ ᠴᠠᠭ᠄
2024/9/12
   ᠪᠦᠬᠦ  ᠪᠠᠯᠭᠠᠰᠤᠨ ᠤ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ  ᠴᠢᠩᠭᠠᠳᠬᠠᠨ᠂ ᠠᠮᠤᠷ ᠲᠦᠪᠰᠢᠨ ᠤ  ᠬᠡᠮ ᠰᠤᠭᠤᠭ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠨ ︽ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ︾ ᠢ  ᠪᠠᠳᠤ ᠴᠤᠭᠴᠠᠯᠠᠬᠤ ᠶᠢᠨ ᠲᠦᠯᠦᠭᠡ᠂ 9 ᠰᠠᠷ᠎ᠠ ᠶᠢᠨ 10 ᠤ ᠡᠳᠦᠷ ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠲᠣᠪᠴᠢᠶ᠎ᠠ᠂  ᠲᠣᠮᠢᠯᠠᠭᠰᠠᠨ ᠰᠠᠯᠪᠤᠷᠢ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠠᠢ ᠬᠠᠮᠳᠤᠷᠠᠨ᠂ ᠬᠠᠷᠢᠶ᠎ᠠ ᠣᠷᠣᠨ ᠤ ᠪᠠᠨ ᠬᠤᠭᠤᠯᠠᠨ ᠭᠡᠷ᠂ ᠳᠡᠯᠭᠡᠭᠦᠷ ᠬᠤᠳᠠᠯᠳᠤᠭ᠎ᠠ ᠵᠡᠷᠭᠡ ︽ᠶᠢᠰᠦᠨ ᠪᠠᠭ᠎ᠠ ᠲᠠᠯᠠᠪᠤᠷ︾ ᠲᠤ ᠠᠶᠤᠯᠭᠦᠶ ᠦᠢᠯᠡᠳᠪᠦᠷᠢᠯᠡᠯ ᠤᠨ ᠭᠡᠮ ᠰᠤᠭᠤᠭ ᠤᠨ ᠪᠠᠶᠢᠴᠠᠭᠠᠯᠳᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠭᠤᠤᠯᠳᠠᠭᠤ ︽ᠶᠢᠰᠦᠨ ᠪᠠᠭ᠎ᠠ ᠲᠠᠯᠠᠪᠤᠷ︾ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠵᠡᠷᠭᠡ ᠲᠠᠯ᠎ᠠ ᠪᠠᠷ ᠨᠠᠷᠢᠨ ᠪᠠᠶᠢᠴᠠᠭᠠᠯᠲᠠ ᠬᠢᠵᠦ᠂ ᠣᠨᠴᠠ ᠵᠠᠷᠢᠮ  ᠡᠵᠡᠩᠨᠡᠯᠳᠡ ᠶᠢᠨ ᠡᠷᠦᠬᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠤᠭᠤᠭ ᠤᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠤᠭᠰᠠᠨ ᠤ ᠬᠠᠮᠲᠤ ︽ᠶᠢᠰᠦᠨ ᠪᠠᠭ᠎ᠠ ᠲᠠᠯᠠᠪᠤᠷ︾ ᠤᠨ ᠬᠠᠷᠢᠭᠤᠴᠠᠯᠭᠠᠲᠠᠨ ᠳᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂  ᠪᠠᠶᠢᠩᠭᠤ ᠶᠢᠨ ᠴᠢᠨᠠᠷᠳᠠᠢ ᠲᠣᠭᠤᠷᠢᠨ ᠪᠠᠶᠢᠴᠠᠭᠠᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠡᠵᠡᠩᠨᠡᠯᠲᠡ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃  ᠡᠨᠡ ᠤᠳᠠᠭᠠᠨ ᠤ ᠪᠠᠶᠢᠴᠠᠭᠠᠯᠲᠠ ᠪᠠᠷ ᠲᠠᠮᠵᠢᠭᠠᠳ᠂ ᠡᠵᠡᠩᠨᠡᠯᠳᠡ ᠶᠢᠨ ᠡᠷᠦᠬᠡ ᠶᠢᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠲᠡᠭᠡᠭᠰᠢᠯᠡᠬᠦᠯᠦᠭᠰᠡᠨ ᠪᠤᠯ ᠲᠠᠷᠠᠭᠠᠴᠢ ᠶᠢᠨ ᠠᠯᠬᠤᠮ ᠳᠤ ᠯᠦᠸᠧ ᠲᠦᠸᠧ ᠱᠠᠨ ᠪᠠᠯᠭᠠᠰᠤ ᠨᠢ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠪᠠᠳᠤᠳᠬᠠᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号