ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/9/12
  9 ᠰᠠᠷ᠎ᠠ ᠶᠢᠨ 10 ᠤ ᠡᠳᠦᠷ᠂ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠯ᠎ᠠ᠃ ᠡᠨᠡ  ᠤᠳᠠᠭᠠᠨ ᠤ ᠬᠤᠷᠠᠯ ᠳᠤ ᠣᠷᠣᠯᠴᠠᠬᠤ ᠵᠤᠬᠢᠰᠳᠠᠢ ᠠᠷᠠᠳ ᠤᠨ ᠲᠥᠯᠥᠭᠡᠯᠡᠭᠴᠢ 70 ᠬᠥᠮᠦᠨ ᠠᠴᠠ ᠪᠣᠳᠠᠲᠠᠶ ᠣᠷᠣᠯᠴᠠᠭᠰᠠᠨ ᠨᠢ 59 ᠬᠥᠮᠦᠨ ᠪᠠᠶᠢᠵᠤ ᠬᠠᠤᠯᠢ ᠳᠤ ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠵᠡᠢ᠃ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠡᠷᠬᠢᠯᠡᠵᠦ ᠶᠠᠷᠢᠶ᠎ᠠ ᠲᠠᠯᠪᠢᠬᠤ ᠳᠠᠭᠠᠨ᠂  ᠠᠷᠠᠳ ᠤᠨ ᠲᠥᠯᠥᠭᠡᠯᠡᠭᠴᠢᠳ ᠡᠷᠭᠡᠪᠰᠢ ᠪᠥᠬᠦ ᠲᠠᠯ᠎ᠠ ᠶᠢ ᠪᠣᠳᠣᠯᠬᠢᠯᠠᠨ᠂ ᠪᠦᠬᠦᠯᠢ ᠴᠣᠭᠴᠠ ᠶᠢᠨ ᠬᠥᠭᠵᠢᠯᠲᠡ ᠶᠢ ᠪᠣᠳᠣᠯᠬᠢᠯᠠᠵᠤ  ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠵᠡᠨ ᠬᠥᠮᠦᠨ ᠤ ᠵᠣᠷᠢᠭ ᠰᠠᠨᠠᠭ᠎ᠠ ᠪᠠᠷ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠢᠶᠠᠷ ᠵᠢᠱᠢᠭᠳᠡᠭᠰᠡᠨ ᠲᠥᠷᠥᠯ ᠵᠦᠢᠯ ᠢ ᠨᠠᠷᠢᠨ ᠨᠢᠮᠪᠠᠢ ᠬᠢᠨᠠᠨ ᠵᠥᠪᠯᠡᠵᠦ᠂ ᠪᠥᠬᠦ ᠪᠠᠯᠭᠠᠰᠤᠨ ᠤ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠪᠢᠯᠧᠲ ᠥᠭᠴᠦ ᠲᠣᠭᠲᠠᠭᠠᠬᠤ ᠠᠵᠢᠯ ᠢ ᠰᠠᠶᠢᠨ ᠬᠢᠬᠦ ᠬᠡᠷᠡᠭᠲᠡᠶ᠃  ᠠᠷᠠᠳ ᠤᠨ ᠲᠥᠯᠥᠭᠡᠯᠡᠭᠴᠢᠳ ᠡᠷᠭᠡᠪᠰᠢ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ ᠪᠠᠷ ᠪᠥᠬᠦ ᠪᠠᠯᠭᠠᠰᠤᠨ ᠤ ᠠᠵᠢᠯ ᠤᠨ ᠶᠡᠭᠡ ᠲᠠᠯ᠎ᠠ ᠶᠢ ᠪᠣᠳᠣᠯᠬᠢᠯᠠᠨ᠂ ᠠᠯᠤᠰ ᠬᠡᠲᠦ ᠶᠢ ᠪᠣᠳᠣᠯᠬᠢᠯᠠᠵᠤ᠂ ᠬᠥᠭᠵᠢᠯᠲᠡ ᠶᠢ ᠡᠷᠢᠯᠬᠢᠯᠡᠨ᠂  ᠡᠨᠡ ᠤᠳᠠᠭᠠᠨ ᠤ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠬᠦᠴᠦᠨ ᠴᠢᠳᠠᠯ ᠢᠶᠠᠨ ᠡᠷᠭᠦᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠳᠡᠳ᠋ ᠪᠠᠯᠭᠠᠰᠤᠨ ᠳᠠᠷᠤᠭ᠎ᠠ ᠰᠢᠨ ᠱᠤ᠋ ᠴᠢᠶᠠᠩ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠲᠥᠷᠥᠯ ᠵᠦᠢᠯ ᠢ ᠡᠯᠰᠡᠨ ᠴᠤᠭᠯᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ᠃ ᠬᠤᠷᠠᠯ ᠲᠡᠭᠡᠷ᠎ᠡ᠂ ᠬᠤᠩ ᠴᠢ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 2024 ᠣᠨ ᠤ ᠬᠤᠩ ᠴᠢ ᠪᠠᠯᠭᠠᠰᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠲᠤᠭᠳᠠᠭᠠᠪᠠ᠃ ᠰᠦᠨ ᠬᠠᠶ ᠹᠧᠩ ᠲᠡᠬᠦᠰᠬᠡᠯ ᠤᠨ ᠶᠠᠷᠢᠶᠠᠨ ᠳᠠᠭᠠᠨ᠂ 2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢ ᠡᠯ᠎ᠡ ᠲᠦᠷᠦᠯ ᠤᠨ ᠠᠵᠢᠯ ᠤᠨ ᠭᠤᠤᠯ ᠰᠢᠵᠢᠮ ᠪᠤᠯᠭᠠᠨ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠨᠡᠮᠡᠭᠳᠡᠬᠦᠯᠦᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠭᠠᠷᠳᠠᠴᠠ ᠪᠤᠯᠭᠠᠨ᠂ ᠵᠢᠯ ᠤᠨ ᠡᠴᠦᠰ ᠪᠤᠯᠬᠤ ᠳᠤ ᠠᠷᠠᠳ ᠤᠨ ᠲᠦᠯᠦᠭᠡᠯᠡᠭᠴᠢᠳ ᠪᠠ ᠣᠯᠠᠨ ᠲᠦᠮᠡᠨ ᠳᠤ ᠲᠠᠭᠠᠰᠢᠶᠠᠭᠳᠠᠭᠰᠠᠨ  ᠨᠢᠬᠡᠨ ᠬᠤᠪᠢ  ︽ ᠬᠠᠷᠢᠭᠤᠯᠲᠠ ᠶᠢᠨ ᠬᠠᠭᠤᠳᠠᠰᠤ︾   ᠶᠢ ᠲᠤᠰᠢᠶᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号