ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2024/9/12
  ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶ᠎ᠠ ᠨᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠲᠡᠭᠡᠷ᠎ᠡ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠠᠯᠪᠠᠨ ᠭᠡᠷ ᠤᠨ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠬᠤ ᠲᠤᠬᠠᠢ ᠶᠡᠷᠦᠩᠬᠡᠢ ᠱᠦᠵᠢ ᠰᠢ  ᠶᠢᠨ ᠫᠢᠩ ᠤᠨ ᠶᠠᠷᠢᠶ᠎ᠠ᠂  2024 ᠣᠨ ᠤ ᠳᠡᠭᠡᠷ᠎ᠡ ᠬᠠᠭᠠᠰ ᠵᠢᠯ ᠤᠨ ᠪᠦᠬᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠵᠠᠷᠯᠠᠯ ᠵᠡᠷᠭᠡ ᠠᠭᠤᠯᠭ᠎ᠠ ᠶᠢ ᠰᠤᠷᠤᠯᠴᠠᠪᠠ᠃ ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ  ᠺᠠᠳ᠋ᠷᠴᠤᠳ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠭᠡᠯᠡᠬᠦ︾ ᠶᠢ ᠨᠠᠷᠢᠨ ᠬᠢᠨᠠᠮᠠᠭᠠᠢ ᠬᠦ᠋ᠶᠢᠴᠡᠳᠭᠡᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠤ ᠪᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠱᠠᠭᠠᠷᠳᠠᠨ ᠠᠳᠬᠤᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠪᠣᠯᠤᠨ ᠡᠳᠦᠷ ᠳᠤᠳᠤᠮ ᠤᠨ ᠠᠵᠢᠯ ᠢ ᠵᠡᠷᠭᠡᠪᠡᠷ ᠠᠳᠬᠤᠵᠤ ᠵᠡᠷᠭᠡᠪᠡᠷ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠲᠡᠭᠡᠭᠰᠢᠯᠡᠬᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠰᠠᠬᠢᠯᠭ᠎ᠠ ᠪᠠᠲᠤ ᠶᠢᠨ ᠬᠦᠴᠦᠳᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠬᠦᠯᠵᠢᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠡᠷᠡᠰ ᠡᠰᠡᠷᠭᠦᠴᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠰᠡᠷᠭᠦᠴᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠬᠦᠯᠵᠢᠯᠡᠨ ᠬᠦᠨᠵᠡᠬᠡᠶᠢᠷᠡᠬᠦᠯᠵᠦ ᠴᠢᠨᠠᠭᠰᠢᠳᠠ ᠠᠬᠢᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号