ᠲᠠᠶᠢᠹᠤᠰᠧ ᠬᠤᠰᠢᠭᠤᠨ ᠤ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯ ᠢ ᠬᠤᠷᠢᠶᠠᠨ ᠠᠪᠬᠤ ᠲᠣᠭᠲᠠᠮᠠᠯ ᠴᠡᠭ ᠤᠨ ᠨᠡᠷᠡᠰ ᠢ ᠨᠡᠶᠢᠳᠡᠯᠡᠭᠰᠡᠨ ᠵᠠᠷᠯᠠᠯ
ᠨᠡᠶᠢᠲᠡᠯᠡᠭᠰᠡᠨ ᠴᠠᠭ᠄
2024/9/13
   ᠡᠮ ᠤᠨ ᠵᠦᠢᠯ ᠨᠢ ᠬᠦᠴᠦᠨ ᠪᠦᠬᠦᠢ ᠬᠤᠭᠤᠴᠠᠭ᠎ᠠ ᠠᠴᠠ ᠪᠠᠨ ᠭᠡᠳᠦᠷᠡᠪᠡᠯ ᠪᠠᠷᠠᠬᠤ ᠦᠭᠡᠢ᠂ ᠡᠮᠴᠢᠯᠡᠭᠡᠨ ᠤ ᠦᠷ᠎ᠡ ᠳ᠋ᠦᠩ ᠳᠤ ᠬᠦᠷᠴᠦ ᠳᠡᠶᠢᠯᠬᠦ ᠦᠭᠡᠢ ᠮᠥᠷᠲᠡᠭᠡᠨ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠵᠤ᠂ ᠲᠣᠬᠢᠲᠠᠢ ᠰᠠᠶᠢᠨ ᠰᠢᠢᠳᠪᠦᠷᠢᠯᠡᠬᠦ ᠦᠬᠡᠢ ᠪᠣᠯ ᠪᠠᠰᠠ ᠣᠷᠴᠢᠨ ᠲᠣᠭᠤᠷᠢᠨ ᠢ ᠪᠣᠬᠢᠷᠲᠤᠭᠤᠯᠬᠤ ᠵᠡᠷᠭᠡ ᠠᠰᠠᠭᠤᠳᠠᠯ ᠡᠬᠦᠰᠬᠡᠵᠦ ᠮᠡᠳᠡᠨ᠎ᠡ᠃ ᠬᠤᠭᠤᠴᠠᠭ᠎ᠠ ᠨᠢ ᠥᠩᠭᠡᠷᠡᠭᠡᠳ ᠬᠦᠴᠦᠨ ᠦᠭᠡᠶ ᠪᠣᠯᠤᠭᠰᠠᠨ ᠡᠮ ᠤᠨ ᠵᠦᠢᠯᠡᠰ ᠢ ᠳᠤᠷ᠎ᠠ ᠪᠠᠷ ᠢᠶᠠᠨ ᠬᠠᠶᠠᠬᠤ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ᠂ ᠬᠠᠤᠯᠢ ᠪᠤᠰᠤ ᠡᠲᠡᠭᠡᠳ ᠤᠨ ᠬᠤᠭᠤᠴᠠᠭ᠎ᠠ ᠨᠢ ᠥᠩᠭᠡᠷᠡᠭᠡᠳ ᠬᠦᠴᠦᠨ ᠦᠭᠡᠶ ᠪᠣᠯᠤᠭᠰᠠᠨ ᠡᠮ ᠤᠨ ᠵᠦᠢᠯᠡᠰ ᠢ ᠬᠤᠷᠢᠶᠠᠨ ᠠᠪᠴᠤ  ᠳᠠᠬᠢᠨᠲᠠ ᠡᠮ ᠪᠤᠯᠭᠠᠵᠤ ᠭᠡᠷᠡᠭᠯᠡᠬᠦ ᠠᠴᠠ ᠰᠡᠷᠭᠡᠶᠢᠯᠡᠨ᠂ ᠣᠯᠠᠨ ᠨᠡᠶᠢᠲᠡ ᠶᠢᠨ ᠡᠮ ᠬᠡᠷᠡᠭᠯᠡᠬᠦ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ᠂  ᠮᠠᠨ ᠤ ᠬᠤᠰᠢᠭᠤ ᠨᠢ ᠬᠤᠭᠤᠴᠠᠭ᠎ᠠ ᠠᠴᠠ ᠬᠡᠲᠦᠷᠡᠭᠰᠡᠨ ᠡᠮ ᠤᠨ ᠵᠦᠢᠯ ᠢ ᠬᠤᠷᠢᠶᠠᠨ ᠠᠪᠬᠤ 3 ᠴᠡᠭ ᠢ ᠲᠤᠭᠳᠠᠭᠠᠵᠤ ᠠᠳᠡ ᠵᠠᠷᠯᠠᠨ ᠨᠡᠶᠢᠳᠡᠯᠡᠪᠡ᠃ ᠠᠷᠠᠳ ᠢᠷᠭᠡᠳ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢᠶᠠᠨ ᠰᠢᠭᠤᠳ ᠬᠤᠷᠢᠶᠠᠨ ᠠᠪᠬᠤ ᠴᠡᠭ ᠲᠤ ᠲᠠᠩᠰᠠᠯᠠᠭᠤᠯᠤᠨ ᠲᠤᠰᠢᠶᠠᠵᠤ ᠪᠤᠯᠤᠨ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ  ᠡᠳᠡᠭᠡᠷ ᠡᠮ ᠤᠨ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠨᠢᠭᠡᠳᠦᠯᠲᠡᠶ ᠬᠤᠷᠢᠶᠠᠨ ᠠᠪᠤᠭᠰᠠᠨ ᠤ ᠳᠠᠷᠠᠭ᠎ᠠ ᠲᠤᠰᠬᠠᠢ ᠮᠡᠷᠭᠡᠵᠢᠯ  ᠢᠶᠠᠷ ᠬᠤᠤᠷ ᠦᠭᠡᠶᠢᠳᠡᠭᠦᠯᠦᠨ ᠰᠢᠢᠳᠪᠦᠷᠢᠯᠡᠨ᠎ᠠ᠃     ᠬᠤᠭᠤᠴᠠᠭ᠎ᠠ ᠨᠢ ᠬᠡᠳᠦᠷᠡᠭᠰᠡᠨ ᠡᠮ ᠤᠨ ᠵᠦᠢᠯ ᠢ ᠬᠤᠷᠢᠶᠠᠨ ᠠᠪᠬᠤ ᠴᠡᠭ᠄     ᠰᠢᠯᠢ ᠶᠢᠨ ᠭᠤᠤᠯ ᠠᠶᠢᠮᠠᠭ ᠤᠨ ᠹᠦ᠋ ᠷᠦᠢ ᠶᠡᠭᠡ ᠡᠮ ᠤᠨ ᠳᠡᠯᠭᠡᠭᠦᠷ ᠤᠨ ᠬᠤᠯᠪᠤᠭᠠᠳᠤ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠳᠡᠯᠭᠡᠭᠦᠷ ︵ᠪᠤᠤᠴᠠᠩ ᠪᠠᠯᠭᠠᠰᠤᠨ ᠤ ᠵᠢᠶᠠᠨ ᠱᠧ ᠬᠤᠶᠢᠲᠤ ᠵᠡᠭᠡᠯᠢ ᠶᠢᠨ ᠤᠣ ᠱᠧᠩ ᠳ᠋ᠠ ᠬᠤᠳᠠᠯᠳᠤᠭᠠᠨ ᠤ ᠲᠠᠯᠠᠪᠠᠶ ᠶᠢᠨ 107 ᠳ᠋ᠤᠭᠠᠷ ᠨᠣᠮᠧᠷᠲᠤ  ᠂ ᠬᠠᠷᠢᠯᠴᠠᠬᠤ ᠤᠳᠠᠰᠤ 13614898453︶     ᠰᠢᠯᠢ ᠶᠢᠨ ᠭᠤᠤᠯ ᠠᠶᠢᠮᠠᠭ ᠤᠨ ᠹᠦ᠋ ᠷᠦᠢ ᠶᠡᠭᠡ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠶᠢᠰᠦᠳᠦᠭᠡᠷ ᠲᠡᠯᠬᠡᠬᠦᠷ ︵ᠪᠤᠤᠴᠠᠩ ᠪᠠᠯᠭᠠᠰᠤᠨ ᠤ ᠵᠢᠶᠠᠨ ᠱᠧ ᠡᠮᠦᠨ᠎ᠡ ᠵᠡᠭᠡᠯᠢ ᠶᠢᠨ ᠪᠤᠤ ᠯᠦᠩ ᠰᠠᠭᠤᠭᠠᠯᠢ ᠲᠤᠭᠤᠷᠢᠭ ᠤᠨ ᠵᠡᠬᠡᠯᠢ ᠲᠠᠭᠠᠤ ᠠᠰᠠᠷ ᠤᠨ SB01 ᠳ᠋ᠤᠭᠠᠷ ᠨᠣᠮᠧᠷᠲᠤ  ᠂ ᠬᠠᠷᠢᠯᠴᠠᠬᠤ ᠤᠳᠠᠰᠤ 13694781126︶      ᠰᠢᠯᠢ ᠶᠢᠨ ᠭᠤᠤᠯ ᠠᠶᠢᠮᠠᠭ ᠤᠨ ᠹᠦ᠋ ᠷᠦᠢ ᠶᠡᠭᠡ ᠡᠮ ᠤᠨ ᠳᠡᠯᠭᠡᠭᠦᠷ ᠤᠨ ᠬᠤᠯᠪᠣᠭᠠᠲᠤ ᠬᠢᠵᠠᠭᠠᠷᠲᠤ ᠺᠣᠮᠫᠠᠨᠢ ᠶᠢᠨ ᠬᠤᠷᠢᠨ ᠨᠢᠭᠡᠳᠦᠭᠡᠷ ᠬᠤᠪᠢᠶᠠᠷᠢ ᠺᠣᠮᠫᠠᠨᠢ  ︵ᠪᠤᠤᠴᠠᠩ ᠪᠠᠯᠭᠠᠰᠤᠨ ᠤ ᠵᠢᠶᠠᠨ ᠱᠧ ᠡᠮᠦᠨ᠎ᠡ ᠵᠡᠭᠡᠯᠢ ᠶᠢᠨ 1 ᠨᠣᠮᠧᠷᠲᠦ ᠬᠤᠳᠠᠯᠳᠤᠭ᠎ᠠ᠂ ᠬᠠᠷᠢᠯᠴᠠᠬᠤ ᠤᠳᠠᠰᠤ158476096  ︶                                                         ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号