ᠲᠠᠶᠢᠹᠤᠰᠧ ᠬᠤᠰᠢᠭᠤ ᠤᠳᠤᠷᠢᠳᠬᠤ ᠺᠠᠳᠠᠷᠴᠤᠳ ᠤᠨ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/9/14
  ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ︽ᠳᠥᠷᠪᠡ ᠶᠢ ᠪᠠᠷᠢᠮᠲᠠᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ ᠰᠦᠯᠵᠢᠶᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠦᠯᠵᠢᠶᠡᠨ ᠤ ᠠᠮᠤᠷ ᠲᠦᠪᠰᠢᠨ ᠤ ᠬᠡᠷᠡᠭ ᠠᠴᠠ ᠪᠣᠯᠤᠭᠰᠠᠨ ᠬᠤᠬᠢᠷᠠᠯ ᠬᠥᠨᠥᠭᠡᠯ ᠢ ᠲᠦᠷᠭᠡᠨ ᠮᠦᠷᠳᠡᠭᠡᠨ ᠪᠦᠲᠦᠮᠵᠢᠲᠡᠶ ᠰᠢᠢᠳᠪᠦᠷᠢᠯᠡᠵᠤ᠂ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ  9 ᠰᠠᠷ᠎ᠠ ᠶᠢᠨ 12 ᠤᠨ ᠡᠳᠦᠷ ᠲᠠᠶᠢᠹᠤᠰᠧ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠤᠨ ᠠᠩᠭᠢ ᠵᠢᠴᠢ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠰᠣᠷᠢᠯᠲᠠ ᠡᠷᠬᠢᠯᠡᠵᠡᠢ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠡᠨᠡ ᠤᠳᠠᠭ᠎ᠠ  ᠴᠢ ᠮᠢᠩ ᠰᠢᠩ ᠴᠧᠨ ᠮᠡᠳᠡᠭᠡ ᠵᠠᠩᠭᠢ ᠶᠢᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠦᠯᠵᠢᠶᠡᠨ ᠤ ᠠᠮᠤᠷ ᠲᠦᠪᠰᠢᠨ ᠤ ᠢᠨᠵᠧᠨᠧᠷ ᠯᠦ ᠶᠦᠩ ᠸᠧᠨ᠂ ᠹᠠᠨ ᠺᠧ ᠶᠢ ᠤᠷᠢᠵᠤ ᠠᠯᠤᠰ ᠠᠴᠠ ᠡᠵᠡᠮᠳᠡᠬᠦ᠂ ᠰᠦᠯᠵᠢᠶᠡᠨ ᠤ ᠳᠠᠭᠠᠷᠢᠯᠲᠠ᠂ ᠰᠦᠢᠳᠬᠡᠯ ᠬᠤᠷᠢᠶᠠᠬᠤ ᠦᠭᠡᠢ wifi᠂ ᠨᠡᠶᠢᠭᠡᠮ ᠤᠨ ᠠᠵᠢᠯ ᠤᠨ ᠬᠥᠮᠥᠷᠭᠡ ᠶᠢᠨ ᠪᠠᠶᠢᠴᠠᠭᠠᠨ ᠯᠠᠪᠯᠠᠯᠲᠠ᠂ ᠬᠦᠴᠦᠷᠬᠡᠭᠯᠡᠯ ᠢ ᠰᠢᠢᠳᠪᠦᠷᠢᠯᠡᠬᠦ᠂ ᠰᠢᠩᠭᠡᠭᠡᠯᠳᠡ ᠶᠢᠨ ᠮᠠᠰᠢᠨ ᠤ ᠲᠠᠭᠠᠷᠢᠯᠳᠠ ᠵᠡᠷᠭᠡ ᠵᠢᠷᠭᠤᠭᠠᠨ ᠲᠠᠯ᠎ᠠ ᠠᠴᠠ ᠰᠦᠯᠵᠢᠶᠡᠨ ᠤ ᠠᠮᠤᠷ ᠲᠦᠪᠰᠢᠨ ᠤ ᠮᠡᠳᠡᠯᠭᠡ   ᠶᠢᠨ ᠲᠤᠬᠠᠢ ᠪᠤᠯᠪᠠᠰᠤᠷᠠᠯ ᠪᠠ ᠰᠤᠷᠢᠯᠳᠠ ᠬᠢᠯᠭᠡᠭᠡᠳ᠂ ᠪᠣᠯᠪᠠᠰᠤᠷᠠᠯ ᠳᠤ ᠣᠷᠣᠯᠴᠠᠭᠰᠠᠳ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠴᠢᠬᠤᠯᠠ ᠵᠢᠯᠣᠭᠤᠳᠬᠤ ᠦᠢᠯᠡᠳᠦᠯ  ᠦᠵᠡᠬᠦᠯᠦᠭᠰᠡᠨ ᠪᠠᠶᠢᠨ᠎ᠠ᠃ ᠽᠦᠸᠧ ᡁᠢ ᠭᠦᠸᠧ ᠴᠢᠬᠤᠯᠠᠴᠢᠯᠠᠬᠤ ᠳᠠᠭᠠᠨ᠂ ᠤᠯᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠪᠠᠶᠢᠴᠠᠭᠠᠬᠤ᠂ ᠴᠠᠭ ᠲᠤᠬᠠᠢ ᠳᠤᠨᠢ ᠢᠯᠡᠷᠡᠬᠦᠯᠬᠦ ᠪᠠ ᠤᠷᠢᠳᠴᠢᠯᠠᠨ ᠰᠡᠷᠡᠮᠵᠢᠯᠡᠭᠦᠯᠬᠦ᠂  ᠪᠦᠲᠦᠮᠵᠢᠲᠡᠢ ᠰᠢᠢᠳᠪᠦᠷᠢᠯᠡᠬᠦ ᠠᠵᠢᠯ ᠤᠨ ᠬᠠᠷᠠᠯᠲᠠ ᠪᠠ ᠵᠠᠷᠴᠢᠮ ᠶᠣᠰᠣᠭᠠᠷ᠂  ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠵᠦ᠂ ᠰᠦᠯᠵᠢᠶᠡᠨ ᠤ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠂ ᠳᠠᠶᠢᠰᠤᠩᠨᠠᠭᠴᠢ ᠡᠳᠡᠭᠡᠳ ᠤᠨ ᠳᠠᠭᠠᠷᠢᠯᠲᠠ ᠡᠪᠳᠡᠯᠭᠡ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ  ᠶᠢ ᠱᠠᠳᠤ ᠱᠠᠳᠤ ᠪᠠᠷ ᠠᠬᠢᠭᠤᠯᠤᠨ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠭᠡᠷᠡᠮ ᠢ ᠪᠠᠳᠤ ᠴᠤᠭᠴᠠᠯᠠᠬᠤ ᠭᠡᠷᠡᠭᠳᠡᠢ ᠭᠡᠪᠡ  ᠃ ᠬᠡᠰᠡᠭ ᠭᠠᠵᠠᠷ ᠤᠨ ᠲᠠᠰ ᠤᠨ ᠤᠳᠤᠷᠢᠳᠤᠯᠭ᠎ᠠ᠂ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ 230 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号