ᠴᠠᠩᠫᠢᠩ ᠲᠣᠭᠤᠷᠢᠭ ᠤᠨ ᠪᠠᠶ ᠱᠠᠨ ᠪᠠᠯᠭᠠᠰᠤ ᠪᠤᠯᠤᠨ ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤ ᠬᠠᠪᠰᠤᠷᠤᠨ ᠲᠡᠳᠬᠦᠬᠦ ᠠᠵᠢᠯ ᠢᠶᠠᠨ ᠵᠤᠯᠭᠠᠭᠤᠯᠪᠠ
ᠨᠡᠶᠢᠲᠡᠯᠡᠭᠰᠡᠨ ᠴᠠᠭ᠄
2024/9/18
  ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠠᠬᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠬᠦᠨᠵᠡᠬᠡᠶᠢᠷᠡᠬᠦᠯᠬᠦ ᠶᠢᠨ ᠲᠥᠯᠥᠭᠡ᠂ 9 ᠰᠠᠷ᠎ᠠ ᠶᠢᠨ 12 - 13᠎ ᠤ ᠡᠳᠦᠷ  ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠪᠠᠢ ᠱᠠᠨ ᠪᠠᠯᠭᠠᠰᠤᠨ ᠤ ᠳᠠᠷᠤᠭ᠎ᠠ ᠱᠧᠨ ᠵᠢᠩ ᠸᠧᠢ᠂ ᠳᠡᠳ᠋ ᠪᠠᠯᠭᠠᠰᠤᠨ ᠳᠠᠷᠤᠭ᠎ᠠ ᠴᠧ ᠵᠧᠨ ᠲᠢᠶᠠᠨ᠂  ᠴᠧᠨ ᠬᠤᠤ ᠵᠡᠷᠭᠡ ᠬᠦᠮᠦᠰ ᠪᠤᠤᠴᠠᠩ ᠪᠠᠯᠭᠠᠰᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠡᠢ᠃ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ᠂ ᠪᠠᠯᠭᠠᠰᠤᠨ ᠳᠠᠷᠤᠭ᠎ᠠ ᠵᠠᠩ ᠱᠸᠤ ᠴᠢᠶᠠᠩ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᡁᠢ ᠪᠢᠨ ᠪᠠᠷ᠎ᠠ ᠪᠣᠯᠪᠠ᠃ ᠱᠧᠨ ᠵᠢᠩ ᠸᠧᠢ ᠵᠡᠷᠭᠡ ᠬᠦᠮᠦᠰ ᠤᠷᠢᠳ ᠬᠤᠵᠢᠳ ᠬᠤᠩ ᠳ᠋ᠠ ᠲᠣᠰᠬᠤᠨ ᠤ ᠴᠠᠭᠠᠨ ᠢᠳᠡᠭᠡᠨ ᠤ ᠦᠢᠯᠡᠳᠪᠦᠷᠢ  ᠂ ᠹᠦ᠋ ᠰᠢᠩ ᠲᠣᠰᠬᠤᠨ ᠤ ᠲᠦᠮᠦᠰᠦ ᠲᠠᠷᠢᠬᠤ ᠰᠠᠭᠤᠷᠢᠨ ᠭᠠᠵᠠᠷ ᠪᠠ ᠲᠦᠮᠦᠰᠦ ᠬᠠᠳᠠᠭᠠᠯᠠᠬᠤ ᠬᠥᠮᠥᠷᠭᠡ᠂ ᠦ᠋ ᠹᠦ᠋ ᠲᠣᠰᠬᠤᠨ ᠤ ᠢ ᠸᠧᠨ ᠭᠠᠷ ᠦᠢᠯᠡᠳᠬᠡᠯ ᠤᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠦᠭᠡᠳ ᠡᠯ᠎ᠡ ᠲᠣᠰᠬᠤᠨ ᠤ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠯᠢᠦ ᠴᠦᠨ ᠵᠢᠶᠧ ᠠᠴᠠ ᠬᠤᠶᠠᠷ ᠪᠠᠯᠭᠠᠰᠤᠨ ᠤ ᠵᠢᠷᠭᠤᠭᠠᠨ ᠵᠢᠯ ᠤᠨ ᠲᠤᠷᠰᠢᠬᠢ ᠬᠠᠮᠳᠤᠷᠠᠯᠴᠠᠭᠠᠨ ᠤ ᠠᠵᠢᠯ ᠵᠢᠴᠢ ᠬᠤᠶᠢᠰᠢᠳᠠ ᠶᠢᠨ ᠠᠵᠢᠯ ᠤᠨ ᠭᠤᠣᠯᠳᠠᠯᠭ᠎ᠠ ᠶᠢᠨ ᠲᠤᠬᠠᠶ ᠲᠣᠪᠴᠢ ᠬᠠᠷᠢᠭᠤ ᠮᠡᠳᠡᠭᠦᠯᠦᠯᠲᠡ ᠬᠢᠵᠦ᠂ ᠪᠠᠶ ᠱᠠᠨ ᠪᠠᠯᠭᠠᠰᠤᠨ ᠤ ᠬᠢᠨ ᠪᠠᠰᠠ ᠪᠤᠤᠴᠠᠩ ᠪᠠᠯᠭᠠᠰᠤᠨ ᠳᠤ 45 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠬᠠᠩᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号