ᠲᠠᠶᠢᠹᠤᠰᠧ ᠬᠤᠰᠢᠭᠤ  ᠭᠡᠷ ᠤᠨ ᠭᠠᠳᠠᠨᠠᠬᠢ ᠬᠦᠳᠡᠯᠮᠦᠷᠢᠴᠢᠳ ᠲᠤ ᠵᠤᠷᠢᠭᠤᠯᠤᠭᠰᠠᠨ ᠦᠢᠯᠡᠴᠢᠯᠡᠭᠡᠨ ᠤ ᠥᠷᠲᠡᠭᠡ ᠨᠤᠭᠤᠳ ᠢ ᠪᠠᠶᠢᠭᠤᠯᠪᠠ
ᠨᠡᠶᠢᠲᠡᠯᠡᠭᠰᠡᠨ ᠴᠠᠭ᠄
2024/9/18
 ᠤᠶᠢᠷ᠎ᠠ ᠳᠤ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠪᠣᠯᠤᠨ ᠲᠠᠷᠢᠶᠠᠯᠠᠩ ᠤᠨ ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠨᠢ ᠭᠡᠷ ᠤᠨ ᠭᠠᠳᠠᠨᠠᠬᠢ ᠬᠦᠳᠡᠯᠮᠦᠷᠢᠴᠢᠳ ᠲᠤ ᠦᠢᠯᠡᠴᠢᠯᠡᠬᠦ  ᠦᠷᠳᠡᠭᠡᠨ ᠤ ᠫᠠᠶᠢᠰᠠ ᠰᠡᠬᠦᠬᠦ ᠶᠣᠰᠣᠯᠠᠯ ᠢ ᠡᠷᠬᠢᠯᠡᠨ ᠶᠠᠪᠤᠭᠳᠠᠭᠤᠯᠵᠤ᠂ ᠲᠠᠷᠢᠶᠠᠯᠠᠩ ᠤᠨ ᠪᠠᠩᠬᠢ ᠶᠢᠨ 3 ᠦᠢᠯᠡᠴᠢᠯᠡᠬᠦ ᠥᠷᠲᠡᠭᠡ ᠳᠤ ᠫᠠᠶᠢᠰᠠ ᠡᠯᠬᠦᠵᠡᠢ᠃ ᠣᠶᠢᠷ᠎ᠠ ᠶᠢᠨ ᠵᠢᠯ ᠳᠤ᠂ ᠬᠥᠮᠦᠰ ᠤᠨ ᠬᠡᠷᠡᠭᠯᠡᠭᠡᠨ ᠤ ᠱᠠᠭᠠᠷᠳᠠᠯᠭ᠎ᠠ ᠪᠠ ᠬᠡᠷᠡᠭᠯᠡᠭᠡᠨ ᠤ ᠬᠡᠯᠪᠡᠷᠢ ᠶᠢᠨ ᠬᠤᠪᠢᠷᠠᠯᠲᠠ ᠶᠢ ᠲᠠᠭᠠᠯᠳᠤᠭᠠᠳ᠂ ᠬᠡᠷ ᠤᠨ ᠭᠠᠳᠠᠨ᠎ᠠ ᠠᠵᠢᠯᠯᠠᠬᠤ ᠬᠦᠳᠡᠯᠮᠦᠷᠢᠴᠢᠨ ᠤ ᠲᠤᠭ᠎ᠠ ᠵᠢᠯ ᠠᠴᠠ ᠵᠢᠯ ᠨᠡᠮᠡᠭᠳᠡᠭᠰᠡᠨ ᠪᠠᠶᠢᠨ᠎ᠠ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠎ ᠨᠢ ᠬᠡᠷ ᠤᠨ ᠭᠠᠳᠠᠨᠠᠬᠢ ᠬᠥᠳᠡᠯᠮᠦᠷᠢᠴᠢᠳ ᠲᠤ ᠵᠤᠷᠢᠭᠤᠯᠤᠭᠰᠠᠨ ᠦᠢᠯᠡᠴᠢᠯᠡᠬᠦ ᠦᠷᠳᠡᠭᠡᠨ ᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠬᠠᠶᠢᠵᠦ᠂ ᠦᠢᠯᠡᠴᠢᠯᠡᠭᠡᠨ ᠤ ᠥᠷᠲᠡᠭᠡ ᠶᠢᠨ  ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ  ᠠᠬᠢᠭᠤᠯᠤᠭᠠᠳ᠂ ᠣᠲᠣ ᠪᠣᠯᠲᠠᠯ᠎ᠠ ᠬᠡᠷ ᠤᠨ ᠭᠠᠳᠠᠨᠠᠬᠢ ᠬᠥᠳᠡᠯᠮᠦᠷᠢᠴᠢᠳ ᠎ ᠲᠤ ᠦᠢᠯᠡᠴᠢᠯᠡᠬᠦ ᠥᠷᠲᠡᠭᠡ 11᠎ ᠶᠢ ᠪᠠᠶᠢᠭᠤᠯᠵᠠᠢ᠃ ᠡᠭᠦᠨ ᠳᠤ ᠭᠤᠷᠪᠠᠨ ᠣᠳᠣᠨ ᠲᠠᠰ ᠤᠨ ᠥᠷᠲᠡᠭᠡ 10᠂ ᠳᠥᠷᠪᠡᠨ ᠣᠳᠣᠨ ᠲᠠᠰ ᠤᠨ ᠥᠷᠲᠡᠭᠡ 1 ᠪᠣᠶ᠃ ᠥᠷᠲᠡᠭᠡ ᠨᠢᠭᠡᠪᠦᠷᠢ ᠳᠡᠭᠡᠨ ᠰᠢᠷᠡᠭᠡ ᠰᠠᠨᠳᠠᠯᠢ᠂ ᠰᠣᠨᠢᠨ ᠰᠡᠳᠬᠦᠯ᠂ ᠪᠣᠷᠣᠭᠠᠨ ᠤ ᠰᠢᠬᠦᠷ᠂ ᠡᠮ ᠤᠨ ᠬᠠᠶᠢᠷᠴᠠᠭ᠂ ᠴᠠᠬᠢᠯᠭᠠᠨ ᠴᠡᠨᠡᠭᠯᠡᠬᠦᠷ᠂ ᠤᠰᠤ ᠤᠤᠭᠤᠬᠤ ᠮᠠᠰᠢᠨ᠂ wifi ᠵᠡᠷᠭᠡ ᠲᠥᠬᠦᠭᠡᠷᠦᠮᠵᠢ ᠶᠢ ᠲᠤᠬᠢᠷᠠᠭᠤᠯᠤᠭᠰᠠᠨ ᠢᠶᠠᠷ ᠬᠡᠷ ᠤᠨ ᠭᠠᠳᠠᠨᠠᠬᠢ ᠬᠥᠳᠡᠯᠮᠦᠷᠢᠴᠢᠳ ᠤᠨ ᠠᠮᠠᠷᠠᠵᠤ ᠰᠠᠭᠤᠬᠤ᠂  ᠢᠳᠡᠵᠦ ᠤᠤᠭᠤᠬᠤ᠂  ᠬᠠᠯᠠᠭᠤᠨ ᠬᠦᠢᠳᠡᠨ ᠠᠴᠠ ᠲᠠᠯᠳᠠᠯᠠᠬᠤ ᠵᠡᠷᠭᠡ ᠪᠣᠳᠠᠲᠠᠶ ᠠᠰᠠᠭᠤᠳᠠᠯ ᠢ  ᠰᠢᠢᠳᠪᠦᠷᠢᠯᠡᠵᠦ᠂ ᠬᠥᠳᠡᠯᠮᠦᠷᠢᠴᠢᠳ ᠲᠤ ᠦᠨᠡᠨᠬᠦ ᠪᠣᠳᠠᠲᠠᠶ ᠠᠵᠢᠯ ᠬᠢᠵᠦ  ᠰᠠᠶᠢᠨ ᠶᠠᠪᠤᠳᠠᠯ ᠬᠢᠵᠦ ᠦᠭᠬᠦᠭᠰᠡᠨ ᠪᠠᠶᠢᠨ᠎ᠠ᠃ ︽ᠦᠢᠯᠡᠴᠢᠯᠡᠬᠦ ᠥᠷᠲᠡᠭᠡ ᠪᠠᠶᠢᠭᠤᠯᠤᠭᠰᠠᠨ ᠨᠢ ᠪᠢᠳᠡᠨ ᠳᠤ ᠮᠠᠰᠢ ᠶᠡᠭᠡ ᠲᠦᠬᠦᠮ ᠦᠵᠡᠬᠦᠯᠵᠡᠢ᠂  ᠬᠠᠯᠠᠭᠤᠨ ᠬᠦᠢᠳᠡᠨ ᠠᠴᠠ ᠲᠠᠯᠳᠠᠯᠠᠵᠤ ᠰᠠᠯᠬᠢᠨ ᠪᠤᠷᠤᠭᠠᠨ ᠳᠤ ᠨᠦᠮᠦᠷᠢᠳᠦᠬᠦ ᠭᠠᠵᠠᠷ ᠲᠠᠢ ᠪᠤᠯᠤᠯ᠎ᠠ᠂  ᠶᠠᠳᠠᠷᠠᠪᠠᠯ ᠠᠳᠡ ᠰᠠᠭᠤᠭᠠᠳ ᠠᠮᠠᠷᠠᠴᠢᠬᠠᠨ᠎ᠠ᠂ ᠤᠮᠳᠠᠭᠠᠰᠤᠪᠠᠯ ᠠᠳᠡ ᠢᠷᠡᠭᠡᠳ ᠤᠰᠤ ᠤᠤᠭᠤᠴᠢᠬᠠᠨ᠎ᠠ  ᠂  ᠭᠠᠷ ᠤᠳᠠᠰᠤ ᠴᠠᠬᠢᠯᠭᠠᠨ ᠦᠬᠡᠢ ᠪᠤᠯᠪᠠᠯ ᠪᠠᠰᠠ ᠠᠳᠡ ᠢᠷᠡᠭᠡᠳ ᠴᠡᠨᠡᠭᠯᠡᠴᠢᠬᠡᠨ᠎ᠡ᠂  ᠨᠠᠮ ᠵᠠᠰᠠᠭ ᠠᠴᠠ ᠪᠢᠳᠡᠨ ᠢ ᠦᠨᠡᠬᠡᠷ ᠬᠠᠯᠠᠮᠵᠢᠯᠠᠵᠤ ᠪᠠᠶᠢᠨ᠎ᠠ︾  ᠬᠡᠵᠦ ᠵᠡᠬᠡᠯᠢ ᠴᠡᠪᠡᠷᠯᠡᠭᠴᠢ ᠺᠠᠩ ᠯᠢᠶᠠᠩ ᠰᠡᠳᠬᠢᠯ ᠲᠤᠭᠳᠤᠯᠤᠨ ᠶᠠᠷᠢᠯ᠎ᠠ᠃  ᠲᠠᠷᠢᠶᠠᠯᠠᠩ ᠤᠨ ᠪᠠᠩᠬᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ︽ᠮᠠᠨ ᠤ ᠪᠠᠩᠬᠢ ᠨᠢ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠲᠠᠢ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠦᠢᠯᠡᠳᠦᠯᠭᠡᠵᠢᠭᠦᠯᠦᠨ᠂ ᠦᠢᠯᠡᠴᠢᠯᠡᠭᠡᠨ ᠤ ᠠᠭᠤᠯᠭ᠎ᠠ ᠪᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠬᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号