ᠲᠠᠶᠢᠹᠤᠰᠧ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/18
  ᠥᠷᠭᠡᠨ ᠣᠯᠠᠨ ᠰᠠᠭᠤᠭᠠᠯᠢ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠤᠯᠠᠮ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠬᠤ ᠶᠢᠨ ᠲᠥᠯᠥᠭᠡ᠂ 9 ᠰᠠᠷ᠎ᠠ ᠶᠢᠨ 14᠎ ᠤ ᠡᠳᠦᠷ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷᠳᠡᠭᠡ ᠨᠢ ᠤᠤ ᠱᠧᠩ ᠳ᠋ᠠ ᠬᠤᠳᠠᠯᠳᠤᠭᠠᠨ ᠤ ᠲᠠᠯᠠᠪᠠᠶ ᠳᠤ 2024 ᠣᠨ ᠤ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢ ᠬᠢᠵᠡᠢ᠃  ᠠᠵᠢᠯᠳᠠᠳ ᠠᠴᠠ  ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠲᠦᠷᠢᠮ ᠢ ᠣᠯᠠᠨ ᠲᠦᠮᠡᠨ ᠳᠤ ᠬᠦᠯᠢᠴᠡᠩᠭᠦᠶ ᠪᠠᠷ ᠲᠠᠶᠢᠯᠪᠤᠷᠢᠯᠠᠨ᠂ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠲᠦᠬᠡᠮᠡᠯᠵᠢᠬᠦᠯᠦᠭᠰᠡᠨ ᠤ ᠬᠠᠮᠲᠤ  ᠪᠣᠯᠪᠠᠰᠤᠨ ᠢᠶᠠᠷ ᠲᠠᠬᠢᠯᠭ᠎ᠠ ᠬᠢᠵᠦ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠪ ᠰᠤᠷᠲᠠᠯ ᠢ ᠤᠬᠠᠭᠤᠯᠵᠤ ᠤᠷᠢᠶᠠᠯᠠᠭᠰᠠᠨ ᠪᠠᠶᠢᠨ᠎ᠠ᠃  ᠡᠨᠡ ᠤᠳᠠᠭ᠎ᠠ ᠨᠡᠶᠢᠳᠡ 1500 ᠬᠤᠪᠢ ᠤᠬᠠᠭᠤᠯᠭ᠎ᠠ ᠶᠢᠨ ᠮᠠᠲ᠋ᠧᠷᠢᠶᠠᠯ ᠵᠢᠴᠢ 1000 ᠭᠠᠷᠤᠶ ᠠᠯᠴᠢᠭᠤᠷ᠂  ᠬᠦᠵᠦᠷ᠂  ᠭᠠᠷ ᠤᠭᠤᠲᠠ ᠵᠡᠷᠭᠡ ᠤᠬᠠᠭᠤᠯᠭ᠎ᠠ ᠶᠢᠨ ᠪᠤᠳᠠᠰ ᠢ ᠲᠠᠷᠬᠠᠭᠠᠪᠠ᠃ ᠤᠬᠠᠭᠤᠯᠭ᠎ᠠ ᠪᠠᠷ ᠲᠠᠮᠵᠢᠭᠠᠳ ᠠᠷᠠᠳ ᠣᠯᠠᠨ ᠤ ᠭᠠᠯ  ᠰᠡᠷᠭᠡᠶᠢᠯᠡᠵᠦ ᠭᠠᠯ ᠤᠨᠲᠠᠷᠠᠭᠠᠬᠤ ᠦᠵᠡᠯ ᠤᠬᠠᠮᠰᠠᠷ ᠢ ᠤᠯᠠᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠤᠶᠢᠯᠠᠭᠠᠯᠳᠠ ᠲᠠᠨᠢᠯᠳᠠ ᠶᠢ ᠴᠢᠨᠠᠭᠰᠢᠳᠠ ᠨᠡᠮᠡᠭᠳᠡᠬᠦᠯᠦᠭᠡᠳ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号