ᠬᠤᠩ ᠴᠢ ᠪᠠᠯᠭᠠᠰᠤᠨ ᠤ ᠬᠢᠨ ᠰᠠᠶᠢᠴᠤᠤᠯ ᠢ ᠬᠦᠬᠢᠬᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 14 ᠤ ᠡᠳᠦᠷ᠂ ᠬᠤᠩ ᠴᠢ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠨᠢ ︽ᠬᠤᠶᠠᠷ ᠪᠠᠶᠠᠷ ᠢᠶᠠᠨ ᠤᠭᠳᠤᠨ ᠪᠡᠯᠭᠡᠯᠡᠬᠦ︾ ᠲᠠᠰᠢᠷᠠᠮ ᠢᠶᠠᠷ ᠰᠠᠶᠢᠴᠤᠤᠯ ᠢ ᠱᠠᠩᠨᠠᠨ ᠬᠦᠭᠢᠬᠦᠯᠬᠦ ᠠᠵᠢᠯᠯᠠᠭ᠎ᠠ ᠦᠷᠨᠢᠬᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ᠂ ᠪᠠᠯᠭᠠᠰᠤᠨ ᠳᠠᠷᠤᠭ᠎ᠠ ᠰᠢᠤᠢ ᠶᠦᠨ ᠳ᠋ᠡ ᠠᠵᠢᠯᠯᠠᠭ᠎ᠠ ᠳᠤ ᠤᠷᠤᠯᠴᠠᠵᠠᠢ᠃ ᠰᠦᠨ ᠬᠠᠢ ᠹᠧᠩ ᠰᠢᠯᠭᠠᠷᠠᠨ ᠰᠤᠩᠭᠤᠭᠳᠠᠭᠰᠠᠨ ᠰᠠᠶᠢᠴᠤᠤᠯ  ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ ᠰᠦᠨ ᠬᠠᠶ ᠹᠧᠩ ᠬᠡᠯᠡᠬᠦ ᠳᠡᠭᠡᠨ᠂ ᠡᠮᠡᠭᠲᠡᠶᠢᠴᠦᠳ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ︽ᠬᠠᠭᠠᠰ ᠲᠤᠯᠭᠠᠭᠤᠷᠢ︾ ᠪᠠᠶᠢᠵᠤ᠂ ᠠᠵᠢᠯ   ᠦᠢᠯᠡᠰ ᠪᠠ ᠬᠡᠷ ᠪᠦᠯᠢ ᠳᠤ ᠣᠷᠣᠯᠠᠵᠤ ᠪᠣᠯᠤᠰᠢ ᠥᠬᠡᠶ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠱᠠᠩᠨᠠᠯ ᠣᠯᠤᠭᠰᠠᠨ ᠰᠠᠶᠢᠴᠤᠤᠯ ᠤᠨ ᠤᠬᠠᠮᠰᠠᠷ ᠠᠴᠠ ᠪᠠᠨ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ  ᠦᠢᠯᠡᠳᠦᠯᠬᠡᠵᠢᠬᠦᠯᠵᠦ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠲᠡᠯᠬᠡᠷᠡᠬᠦᠯᠦᠨ᠂ ᠵᠢᠱᠢᠶ᠎ᠡ ᠲᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠪᠥᠬᠦ ᠪᠠᠯᠭᠠᠰᠤᠨ ᠤ ᠡᠮᠡᠭᠲᠡᠶᠢᠴᠦᠳ ᠢ ᠳᠠᠭᠠᠭᠤᠯᠤᠨ ᠠᠵᠤ ᠠᠬᠤᠶ ᠨᠡᠶᠢᠭᠡᠮ ᠰᠣᠶᠣᠯ ᠤᠨ ᠬᠥᠭᠵᠢᠯᠲᠡ ᠳᠤ ᠢᠳᠡᠪᠬᠢᠲᠡᠶ ᠣᠷᠣᠯᠴᠠᠵᠤ᠂ ᠣᠯᠠᠨ ᠲᠦᠮᠡᠨ ᠢ ᠲᠠᠶᠢᠴᠢᠯᠠᠨ ᠨᠠᠮ ᠤᠨ  ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ ᠶᠢ ᠬᠦᠰᠡᠵᠦ ᠪᠠᠶᠢᠨ᠎ᠠ ᠭᠡᠪᠡ᠃ ᠡᠨᠡ ᠤᠳᠠᠭ᠎ᠠ ᠭᠤᠤᠯᠳᠠᠭᠤ ᠡᠮᠡᠭᠲᠡᠶᠢᠴᠦᠳ ᠤᠨ ᠬᠤᠯᠪᠤᠭᠠᠨ ᠤ ᠰᠢᠯᠢᠳᠡᠭ ᠠᠵᠢᠯᠲᠠᠨ᠂ ᠬᠠᠮᠤᠭ ᠤᠨ ᠭᠤᠶᠣ ᠬᠠᠯᠠᠭᠤᠨ ᠰᠡᠳᠬᠢᠯᠳᠦ ᠠᠨᠢᠶ᠎ᠠ᠂ ᠬᠦᠳᠡᠯᠪᠦᠷᠢ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠲᠡᠷᠢᠭᠦᠨ ᠤ ᠬᠤᠪᠢ ᠬᠥᠮᠦᠨ᠂ ᠦᠵᠡᠰᠬᠦᠯᠡᠩᠲᠦ ᠰᠠᠶᠢᠬᠠᠨ ᠭᠡᠷ ᠬᠦᠷᠢᠶᠡᠨ ᠤ ᠵᠢᠱᠢᠶ᠎ᠡ ᠦᠵᠡᠭᠦᠯᠬᠦ ᠡᠷᠦᠬᠡ ᠳᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠯᠭᠤᠭᠰᠠᠨ ᠪᠠᠶᠢᠨ᠎ᠠ᠃ ᠱᠠᠩᠨᠠᠯ ᠣᠯᠤᠭᠰᠠᠨ ᠰᠠᠶᠢᠴᠤᠤᠯ ᠠᠴᠠ ᠲᠣᠰ ᠲᠣᠰ ᠤᠨ ᠠᠵᠢᠯ ᠦᠢᠯᠡᠰ ᠲᠠᠢ ᠪᠠᠨ ᠤᠶᠠᠯᠳᠤᠭᠤᠯᠤᠨ ᠶᠠᠷᠢᠶ᠎ᠠ ᠢᠯᠡᠳᠬᠡᠯ ᠬᠢᠵᠡᠢ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号