ᠴᠢᠶᠠᠨ ᠶᠢᠨ ᠭᠸᠦ ᠪᠠᠯᠭᠠᠰᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠶ᠋ᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/9/18
  ᠠᠶᠤᠯᠭᠦᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ  ᠴᠤᠭᠴᠠᠯᠠᠬᠤ ᠶᠢᠨ ᠲᠥᠯᠥᠭᠡ᠂ ︽ᠨᠠᠢᠮᠠᠨ ᠰᠠᠷ᠎ᠠ ᠶᠢᠨ ᠲᠡᠷᠭᠡᠯ ᠪᠠᠶᠠᠷ︾  ᠬᠦᠷᠴᠦ ᠢᠷᠡᠬᠦ ᠠᠴᠠ ᠡᠮᠦᠨ᠎ᠡ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ᠂  ᠳᠡᠳ᠋ ᠪᠠᠯᠭᠠᠰᠤᠨ ᠳᠠᠷᠤᠭ᠎ᠠ ᠪᠦᠦ ᠶᠠᠩ ᠲᠣᠰ ᠲᠣᠰ ᠪᠠᠶᠢᠴᠠᠭᠠᠬᠤ ᠳᠤᠭᠤᠶᠢᠯᠠᠩ ᠲᠠᠭᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂  ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠶᠢᠰᠦᠨ ᠵᠢᠵᠢᠭ ᠲᠠᠯᠠᠪᠤᠷ ᠲᠤ ᠬᠦᠨᠵᠡᠬᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠠᠨᠠᠯ  ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠬᠢᠪᠠ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠯᠭᠠᠰᠤᠨ ᠤ ᠬᠠᠷᠢᠶ᠎ᠠ ᠣᠷᠣᠨ ᠳᠣᠲᠣᠷᠠᠬᠢ ᠨᠡᠭᠦᠷᠡᠰᠦᠨ ᠤ ᠪᠤᠰᠤ ᠠᠭᠤᠷᠬᠠᠶ᠂ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠢᠳᠡᠰᠢᠨ ᠨᠤᠭᠤᠭᠠᠨ ᠤ ᠵᠠᠬ᠎ᠠ ᠳᠡᠯᠭᠡᠭᠦᠷ᠂ ᠬᠤᠭᠤᠯᠠᠨ ᠬᠡᠷ᠂ ᠳᠡᠯᠭᠡᠭᠦᠷ ᠬᠤᠳᠠᠯᠳᠤᠭ᠎ᠠ ᠵᠡᠷᠭᠡ ᠪᠠᠷ ᠲᠣᠭᠤᠷᠢᠨ ᠪᠠᠶᠢᠴᠠᠭᠠᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠲᠠᠷᠢᠶᠠᠯᠠᠩ ᠤᠨ ᠮᠠᠰᠢᠨ ᠤ ᠠᠶᠤᠯᠭᠦᠶ ᠭᠡᠷᠡᠭᠯᠡᠯᠳᠡ᠂ ᠠᠮᠤᠷ ᠲᠦᠪᠰᠢᠨ ᠤ ᠲᠦᠷᠢᠮ ᠲᠤᠭᠳᠠᠭᠠᠯ ᠵᠡᠷᠭᠡ ᠬᠠᠮᠢᠶᠠᠷᠤᠯᠲᠠ ᠶᠢᠨ ᠪᠠᠶᠢᠳᠠᠯ ᠤᠨ ᠲᠣᠭᠤᠷᠢᠨ ᠳᠤ ᠭᠤᠤᠯᠳᠠᠯᠭ᠎ᠠ ᠲᠠᠢ  ᠪᠠᠶᠢᠴᠠᠭᠠᠯᠲᠠ ᠬᠢᠵᠡᠢ᠃ ᠲᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠸᠦ ᠪᠠᠯᠭᠠᠰᠤ ᠨᠢ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠶᠢ ᠪᠠᠶᠢᠩᠭᠤ ᠥᠷᠨᠢᠭᠦᠯᠵᠦ᠂ ᠪᠥᠬᠦ ᠪᠠᠯᠭᠠᠰᠤᠨ ᠤ ᠠᠮᠤᠷ ᠲᠣᠭᠲᠠᠭᠤᠨ ᠢ ᠦᠨᠡᠨ ᠬᠦ  ᠬᠠᠮᠠᠭᠠᠯᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠣᠯᠠᠨ ᠲᠦᠮᠡᠨ ᠤ  ᠪᠠᠶᠠᠷ ᠤᠨ ᠡᠳᠦᠷ ᠢᠶᠠᠨ ᠪᠠᠶᠠᠷ ᠬᠥᠷ ᠲᠠᠢ ᠠᠮᠤᠷ ᠠᠮᠤᠭᠤᠯᠠᠩ ᠥᠩᠭᠡᠷᠡᠭᠦᠯᠬᠦ ᠳᠤ ᠪᠠᠳᠤᠯᠠᠭ᠎ᠠ ᠬᠠᠩᠭᠠᠬᠤ ᠪᠠᠷ ᠪᠠᠶᠢᠨ᠎ᠠ  ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号