ᠠᠯᠲᠠᠨ ᠨᠠᠮᠤᠷ ᠤᠨ ᠶᠢᠰᠦᠨ ᠰᠠᠷ᠎ᠠ ᠳᠤ ᠮᠠᠰᠢᠨ ᠲᠡᠷᠭᠡ ᠪᠠᠨ ᠵᠢᠯᠤᠭᠤᠳᠴᠤ ᠲᠠᠶᠢᠹᠤᠰᠧ ᠬᠤᠰᠢᠭᠤᠨ ᠤ ᠬᠥᠳᠡᠭᠡ | ᠲᠣᠰᠬᠤᠨ ᠮᠠᠯᠵᠢᠬᠤ ᠣᠷᠣᠨ ᠢᠶᠠᠷ ᠠᠶᠠᠯᠠᠬᠤ ᠳᠤ ᠵᠠᠰᠠᠮᠠᠯ ᠵᠠᠮ ᠨᠢ ᠵᠤᠷᠠᠶᠢᠵᠤ᠂ ᠮᠠᠯ ᠰᠦᠷᠦᠭ ᠨᠢ ᠨᠠᠯᠠᠶᠢᠵᠤ᠂ | ᠲᠠᠷᠢᠶᠠᠨ ᠪᠡᠯᠴᠢᠬᠡᠷ ᠨᠢ ᠬᠠᠯᠢᠭᠤᠷᠠᠵᠤ᠂᠂᠂᠂᠂᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠦᠩᠭᠡ ᠦᠵᠡᠮᠵᠢ | ᠭᠠᠵᠠᠷ ᠪᠣᠯᠭᠠᠨ ᠳᠤ ᠬᠠᠷᠠᠭᠳᠠᠨ᠎ᠠ᠃ ᠲᠦᠷᠪᠡᠨ ᠵᠦᠭ ᠨᠠᠢᠮᠠᠨ ᠵᠤᠪᠬᠢᠰ ᠲᠤ ᠨᠡᠪᠳᠡᠷᠡᠭᠰᠡᠨ ᠵᠠᠰᠠᠮᠠᠯ ᠵᠠᠮ ᠨᠢ | ᠬᠥᠳᠡᠭᠡ ᠨᠤᠳᠤᠭ ᠬᠢᠭᠡᠳ ᠬᠦᠮᠦᠨ ᠠᠷᠠᠳ ᠤᠨ ᠬᠦᠰᠡᠯ ᠡᠷᠡᠮᠡᠯᠵᠡᠯ ᠢ ᠬᠤᠯᠪᠣᠵᠤ᠂ ᠪᠠᠶᠠᠵᠢᠯ ᠤᠨ ᠵᠠᠮ᠂ | ᠬᠦᠭᠵᠢᠯ ᠤᠨ ᠵᠠᠮ᠂ ᠵᠢᠷᠭᠠᠯ ᠤᠨ ᠵᠠᠮ ᠬᠦᠳᠡᠭᠡ ᠶᠢᠨ ᠠᠶᠢᠯ ᠤᠨ ᠡᠬᠦᠳᠡᠨ ᠳᠤ ᠬᠦᠷᠳᠡᠯ᠎ᠡ ᠰᠤᠨᠤᠯᠵᠠᠨᠠᠮ᠃ | ᠴᠢᠯᠠᠭᠤᠨ ᠤᠰᠤ ᠲᠣᠰᠬᠤᠨ ᠤ ᠲᠠᠷᠢᠶᠠᠴᠢᠨ ᠵᠤᠤ ᠪᠤᠤ ᠶᠦᠨ᠄ ︽ᠥᠩᠭᠡᠷᠡᠭᠰᠡᠨ ᠤ ᠵᠠᠮ ᠢ ᠶᠠᠷᠢᠬᠤ ᠶᠢᠨ | ᠠᠷᠭ᠎ᠠ ᠦᠬᠡᠢ᠂ ᠵᠠᠷᠢᠮ ᠳᠠᠭᠠᠨ ᠡᠪᠡᠰᠦ ᠪᠣᠷᠳᠤᠭ᠎ᠠ ᠤᠷᠤᠭᠤᠯᠵᠤ᠂ ᠲᠦᠯᠡᠰᠢ ᠲᠦᠯᠡᠭᠡ ᠪᠠᠨ ᠵᠦᠬᠡᠬᠡᠬᠦ ᠳᠤ | ᠦᠨᠡᠭᠡᠷ ᠬᠦᠴᠢᠷ ᠲᠠᠢ ᠪᠠᠶᠢᠵᠠᠶ᠂ ᠪᠣᠷᠣᠭᠠᠨ ᠤᠷᠤᠪᠠᠯ ᠨᠡᠩ ᠴᠤ ᠲᠡᠷᠭᠡ ᠤᠨᠤᠭ᠎ᠠ ᠶᠠᠪᠤᠬᠤ ᠶᠢᠨ ᠠᠷᠭ᠎ᠠ ᠦᠭᠡᠢ᠂ | ᠣᠳᠣ ᠶᠢᠨ ᠡᠨᠡ ᠵᠠᠮ ᠤᠳ ᠦᠷᠭᠡᠨ ᠮᠦᠷᠳᠡᠭᠡᠨ ᠲᠡᠭᠰᠢ᠂ ᠨᠠᠰᠢ ᠴᠠᠰᠢ ᠶᠠᠪᠤᠬᠤ ᠳᠤ ᠴᠦ ᠮᠠᠰᠢ ᠳᠥᠭᠦᠮ ᠪᠤᠯᠵᠠᠢ︾ | | Y914 ᠵᠠᠰᠠᠮᠠᠯ ᠵᠠᠮ ᠪᠣᠯ ᠯᠦᠸᠧ ᠲᠦᠸᠧ ᠱᠠᠨ ᠪᠠᠯᠭᠠᠰᠤᠨ ᠤ ᠾᠧᠢ ᠱᠠᠨ ᠮᠢᠶᠣᠣ ᠲᠣᠰᠬᠤᠨ ᠠᠴᠠ | ᠴᠢᠶᠠᠨ ᠶᠢᠨ ᠭᠧᠦ ᠪᠠᠯᠭᠠᠰᠤᠨ ᠤ ᠰᠧ ᠯᠢᠶᠠᠨ ᠲᠣᠰᠬᠤᠨ ᠬᠦᠷᠬᠦ ᠳᠥᠷᠪᠡᠳᠦᠭᠡᠷ ᠳᠡᠰ ᠤᠨ ᠵᠠᠰᠠᠮᠠᠯ ᠵᠠᠮ ᠪᠣᠯᠤᠨ᠎ᠠ᠂ | ᠵᠠᠮ ᠳᠠᠭᠠᠤ ᠮᠠᠰᠢ ᠤᠯᠠᠨ ᠭᠡᠪᠴᠢᠶᠡᠵᠢᠭᠰᠡᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠳ ᠪᠠᠶᠢᠷᠢᠰᠢᠵᠤ ᠪᠠᠶᠢᠭ᠎ᠠ᠂ | ᠡᠨᠡ ᠪᠣᠯ ᠴᠢᠯᠠᠭᠤᠨ ᠤᠰᠤ᠂ ᠾᠧᠦ ᠱᠠᠨ ᠢ᠂ ᠰᠢ ᠾᠧ ᠶᠠᠨ ᠵᠡᠷᠭᠡ 7 ᠲᠣᠰᠬᠤᠨ ᠤ ᠨᠠᠰᠢ ᠴᠠᠰᠢ ᠢᠷᠡᠵᠦ | ᠶᠠᠪᠤᠬᠤ ᠦᠢᠯᠡᠳᠪᠦᠷᠢᠯᠡᠯ ᠠᠮᠢᠳᠤᠷᠠᠯ ᠤᠨ ᠭᠤᠣᠯ ᠵᠠᠮ ᠶᠤᠮ᠃ ᠲᠠᠶᠢᠹᠤᠰᠧ ᠬᠤᠰᠢᠭᠤ ᠨᠢ 40.8 ᠺᠢᠯᠤᠮᠧᠲᠷ | ᠤᠷᠳᠤ ᠡᠨᠡᠬᠦ ᠵᠠᠮ ᠢ ᠪᠠᠶᠢᠭᠤᠯᠬᠤ ᠳᠤ ᠨᠡᠶᠢᠳᠡ 6775 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠵᠠᠮ | ᠳᠠᠭᠠᠤ ᠳᠠᠬᠢ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠭᠰᠠᠨ ᠠᠰᠠᠭᠤᠳᠠᠯ ᠢ | ᠪᠦᠳᠦᠮᠵᠢᠳᠡᠢ ᠰᠢᠢᠳᠪᠦᠷᠢᠯᠡᠭᠡᠳ᠂ ᠰᠢᠨᠡᠬᠡᠨ ᠪᠠᠶᠢᠭᠤᠯᠤᠭᠳᠠᠭᠰᠠᠨ ᠵᠠᠰᠠᠮᠠᠯ ᠵᠠᠮ ᠨᠢ ᠬᠥᠳᠡᠭᠡ ᠲᠤᠰᠬᠤᠨ ᠢ | ᠬᠥᠭᠵᠢᠭᠦᠯᠬᠦ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠵᠤ᠂ ᠣᠯᠠᠨ ᠲᠦᠮᠡᠨ ᠤ ᠠᠵᠤ ᠠᠮᠢᠳᠤᠷᠠᠯ ᠢ | ᠨᠡᠩ ᠰᠠᠶᠢᠨ ᠰᠠᠶᠢᠬᠠᠨ ᠪᠤᠯᠭᠠᠵᠠᠢ᠃ | ᠯᠦᠸᠧ ᠲᠦᠸᠧ ᠱᠠᠨ ᠪᠠᠯᠭᠠᠰᠤᠨ ᠤ ᠲᠠᠷᠢᠶᠠᠴᠢᠨ ᠵᠧᠩ ᠶᠦᠩ᠄ ︽ᠤᠤᠯ ᠤᠨ ᠵᠠᠮ ᠶᠠᠪᠤᠬᠤ ᠳᠤ ᠬᠦᠴᠢᠷ | ᠪᠠᠶᠢᠵᠠᠢ᠂ ᠭᠠᠳᠠᠨ᠎ᠠ ᠶᠢᠨ ᠠᠷᠠᠯᠵᠢᠶᠠᠴᠢᠨ ᠪᠦᠷ ᠢᠷᠡᠬᠦ ᠳᠤᠷ᠎ᠠ ᠦᠭᠡᠢ᠂ ᠲᠥᠮᠥᠰᠥ ᠨᠤᠭᠤᠭ᠎ᠠ ᠪᠠᠨ ᠪᠦᠷ | ᠦᠪᠡᠷᠳᠡᠭᠡᠨ ᠲᠡᠭᠡᠭᠡᠵᠦ ᠭᠠᠷᠤᠨ᠎ᠠ᠂ ᠦᠨ᠎ᠡ ᠬᠠᠩᠰᠢ ᠴᠦ ᠲᠡᠭᠡᠭᠰᠢᠯᠡᠵᠦ ᠳᠡᠶᠢᠯᠬᠦ ᠦᠭᠡᠢ ᠪᠤᠯᠬᠤᠷ ᠲᠠᠷᠢᠶᠠᠴᠢᠳ ᠤᠨ | ᠢᠳᠡᠪᠬᠢᠵᠢᠯ ᠴᠦ ᠠᠨᠠᠢ ᠪᠠᠶᠢᠵᠠᠢ᠃ ᠣᠳᠣ ᠵᠠᠰᠠᠮᠠᠯ ᠵᠠᠮ ᠲᠠᠷᠢᠶᠠᠨ ᠭᠠᠵᠠᠷ ᠬᠦᠷᠲᠡᠯ᠎ᠡ ᠰᠢᠭᠤᠳ ᠨᠡᠪᠲᠡᠷᠡᠨ᠎ᠡ᠂ | ᠠᠷᠠᠯᠵᠢᠶᠠᠨ ᠤ ᠲᠡᠷᠭᠡ ᠤᠳ ᠰᠢᠭᠤᠳ ᠲᠠᠷᠢᠶᠠᠨ ᠭᠠᠵᠠᠷ ᠲᠡᠭᠡᠷ᠎ᠡ ᠢᠷᠡᠵᠦ ᠵᠠᠬᠢᠶᠠᠯᠠᠭ᠎ᠠ ᠶᠢᠨ ᠨᠤᠭᠤᠭ᠎ᠠ ᠪᠠᠨ | ᠲᠡᠭᠡᠭᠡᠳ ᠶᠠᠪᠤᠴᠢᠬᠠᠬᠤ ᠶᠤᠮ︾᠃ | ᠤᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ︽ᠲᠦᠷᠪᠡᠨ ᠰᠠᠶᠢᠨᠳᠠᠢ ᠬᠥᠳᠡᠭᠡ ᠶᠢᠨ ᠵᠠᠮ︾ ᠢ | ᠪᠠᠶᠢᠭᠤᠯᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠬᠢᠭᠤᠯᠤᠨ᠂ ᠬᠥᠳᠡᠭᠡ ᠲᠣᠰᠬᠤᠨ ᠤ | ᠪᠠᠶᠠᠵᠢᠯ ᠂ ᠬᠥᠳᠡᠭᠡ ᠠᠵᠤ ᠠᠬᠤᠢ ᠶᠢᠨ ᠬᠦᠭᠵᠢᠯᠳᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ | ᠪᠠᠲᠤ ᠴᠢᠩᠭ᠎ᠠ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠭᠡᠷᠡᠭᠳᠡᠢ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠶᠢᠭᠤᠯᠤᠯᠳᠠ ᠶᠢ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠂ ᠬᠤᠲᠠ ᠬᠥᠳᠡᠭᠡ ᠶᠢ ᠠᠭᠤᠰᠤᠯᠴᠠᠭᠤᠯᠤᠨ ᠬᠦᠭᠵᠢᠬᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠤᠯᠭᠠᠨ᠂ ᠬᠦᠳᠡᠭᠡ ᠲᠤᠰᠬᠤᠨ ᠤ ᠵᠠᠰᠠᠮᠠᠯ | ᠵᠠᠮ ᠢ ᠴᠢᠨᠠᠷᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠰᠠᠭᠠᠳ ᠬᠠᠷᠰᠢ ᠦᠭᠡᠢ᠂ ᠠᠮᠤᠷ | ᠲᠦᠪᠰᠢᠨ᠂ ᠲᠠᠭᠠᠯᠠᠮᠵᠢᠲᠠᠢ ᠰᠠᠶᠢᠬᠠᠨ︾ ᠬᠥᠳᠡᠭᠡ ᠲᠤᠰᠬᠤᠨ ᠤ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠂ | ᠬᠥᠳᠡᠭᠡ ᠲᠤᠰᠬᠤᠨ ᠤ ᠵᠠᠰᠠᠮᠠᠯ ᠵᠠᠮ ᠢ ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ | ᠲᠤᠰᠬᠤᠨ ᠤ ᠤ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ︽ᠰᠢᠵᠢᠷ | ᠠᠯᠲᠠᠨ ᠵᠠᠮ︾ ᠪᠣᠯᠭᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ | ᠪᠥᠬᠦ ᠣᠷᠳᠣ ᠨᠢ 1147.5 ᠺᠢᠯᠤᠮᠧᠲᠷ ᠲᠤ ᠬᠦᠷᠴᠦ᠂ ᠡᠭᠦᠨ ᠳᠤ ᠬᠤᠰᠢᠭᠤ ᠰᠢᠶᠠᠨ ᠤ ᠵᠠᠮ 142.9 | ᠺᠢᠯᠤᠮᠧᠲᠷ᠂ ᠰᠤᠮᠤ ᠰᠢᠶᠠᠩ ᠪᠠᠯᠭᠠᠰᠤᠨ ᠤ ᠵᠠᠮ 288.8 ᠺᠢᠯᠤᠮᠧᠲᠷ᠂ ᠭᠠᠴᠠᠭ᠎ᠠ ᠲᠣᠰᠬᠤᠨ ᠤ ᠵᠠᠮ 715.8 | ᠺᠢᠯᠤᠮᠧᠲᠷ ᠪᠠᠶᠢᠵᠤ᠂ 7 ᠰᠤᠮᠤ ᠰᠢᠶᠠᠩ ᠪᠠᠯᠭᠠᠰᠤᠨ ᠳᠤ ᠪᠦᠷ ᠭᠤᠷᠪᠠᠳᠤᠭᠠᠷ ᠲᠠᠰ ᠤᠨ ᠪᠠᠷᠤᠭᠰᠢᠨ ᠵᠠᠮ ᠨᠡᠪᠳᠡᠷᠡᠨ | 176 ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠳᠡᠷᠡᠭᠡᠳ᠂ ᠬᠥᠮᠦᠨ ᠠᠮᠠ ᠤᠯᠠᠨᠳᠠᠢ 396 | ᠨᠡᠯᠢᠶᠡᠳ ᠠᠶᠢᠯ ᠲᠣᠰᠬᠤᠨ ᠳᠤ ᠪᠦᠷ ᠽᠧᠮᠧᠨ᠋ᠲ ᠵᠠᠮ ᠨᠡᠪᠳᠡᠷᠡᠭᠰᠡᠨ ᠪᠠᠶᠢᠨ᠎ᠠ᠃ |