ᠬᠦᠳᠡᠭᠡ ᠨᠤᠳᠤᠭ ᠲᠤ ᠰᠤᠨᠤᠯᠵᠠᠭᠰᠠᠨ ᠬᠦᠭᠵᠢᠯ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2024/9/19
  ᠠᠯᠲᠠᠨ ᠨᠠᠮᠤᠷ ᠤᠨ ᠶᠢᠰᠦᠨ ᠰᠠᠷ᠎ᠠ ᠳᠤ ᠮᠠᠰᠢᠨ ᠲᠡᠷᠭᠡ ᠪᠠᠨ ᠵᠢᠯᠤᠭᠤᠳᠴᠤ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠮᠠᠯᠵᠢᠬᠤ ᠣᠷᠣᠨ ᠢᠶᠠᠷ ᠠᠶᠠᠯᠠᠬᠤ ᠳᠤ ᠵᠠᠰᠠᠮᠠᠯ ᠵᠠᠮ ᠨᠢ ᠵᠤᠷᠠᠶᠢᠵᠤ᠂  ᠮᠠᠯ ᠰᠦᠷᠦᠭ ᠨᠢ ᠨᠠᠯᠠᠶᠢᠵᠤ᠂ ᠲᠠᠷᠢᠶᠠᠨ ᠪᠡᠯᠴᠢᠬᠡᠷ ᠨᠢ ᠬᠠᠯᠢᠭᠤᠷᠠᠵᠤ᠂᠂᠂᠂᠂᠂  ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠦᠩᠭᠡ ᠦᠵᠡᠮᠵᠢ ᠭᠠᠵᠠᠷ ᠪᠣᠯᠭᠠᠨ ᠳᠤ ᠬᠠᠷᠠᠭᠳᠠᠨ᠎ᠠ᠃  ᠲᠦᠷᠪᠡᠨ ᠵᠦᠭ ᠨᠠᠢᠮᠠᠨ ᠵᠤᠪᠬᠢᠰ ᠲᠤ ᠨᠡᠪᠳᠡᠷᠡᠭᠰᠡᠨ ᠵᠠᠰᠠᠮᠠᠯ ᠵᠠᠮ ᠨᠢ ᠬᠥᠳᠡᠭᠡ  ᠨᠤᠳᠤᠭ ᠬᠢᠭᠡᠳ ᠬᠦᠮᠦᠨ ᠠᠷᠠᠳ ᠤᠨ ᠬᠦᠰᠡᠯ ᠡᠷᠡᠮᠡᠯᠵᠡᠯ ᠢ ᠬᠤᠯᠪᠣᠵᠤ᠂  ᠪᠠᠶᠠᠵᠢᠯ ᠤᠨ ᠵᠠᠮ᠂ ᠬᠦᠭᠵᠢᠯ   ᠤᠨ ᠵᠠᠮ᠂ ᠵᠢᠷᠭᠠᠯ ᠤᠨ ᠵᠠᠮ ᠬᠦᠳᠡᠭᠡ ᠶᠢᠨ ᠠᠶᠢᠯ ᠤᠨ ᠡᠬᠦᠳᠡᠨ ᠳᠤ ᠬᠦᠷᠳᠡᠯ᠎ᠡ ᠰᠤᠨᠤᠯᠵᠠᠨᠠᠮ᠃    ᠴᠢᠯᠠᠭᠤᠨ ᠤᠰᠤ ᠲᠣᠰᠬᠤᠨ ᠤ ᠲᠠᠷᠢᠶᠠᠴᠢᠨ ᠵᠤᠤ ᠪᠤᠤ ᠶᠦᠨ᠄ ︽ᠥᠩᠭᠡᠷᠡᠭᠰᠡᠨ ᠤ ᠵᠠᠮ ᠢ ᠶᠠᠷᠢᠬᠤ ᠶᠢᠨ ᠠᠷᠭ᠎ᠠ ᠦᠬᠡᠢ᠂  ᠵᠠᠷᠢᠮ ᠳᠠᠭᠠᠨ ᠡᠪᠡᠰᠦ ᠪᠣᠷᠳᠤᠭ᠎ᠠ ᠤᠷᠤᠭᠤᠯᠵᠤ᠂  ᠲᠦᠯᠡᠰᠢ ᠲᠦᠯᠡᠭᠡ ᠪᠠᠨ ᠵᠦᠬᠡᠬᠡᠬᠦ ᠳᠤ ᠦᠨᠡᠭᠡᠷ ᠬᠦᠴᠢᠷ ᠲᠠᠢ ᠪᠠᠶᠢᠵᠠᠶ᠂ ᠪᠣᠷᠣᠭᠠᠨ ᠤᠷᠤᠪᠠᠯ ᠨᠡᠩ ᠴᠤ ᠲᠡᠷᠭᠡ ᠤᠨᠤᠭ᠎ᠠ  ᠶᠠᠪᠤᠬᠤ ᠶᠢᠨ ᠠᠷᠭ᠎ᠠ ᠦᠭᠡᠢ᠂ ᠣᠳᠣ ᠶᠢᠨ ᠡᠨᠡ ᠵᠠᠮ ᠤᠳ ᠦᠷᠭᠡᠨ ᠮᠦᠷᠳᠡᠭᠡᠨ ᠲᠡᠭᠰᠢ᠂ ᠨᠠᠰᠢ ᠴᠠᠰᠢ ᠶᠠᠪᠤᠬᠤ ᠳᠤ ᠴᠦ ᠮᠠᠰᠢ ᠳᠥᠭᠦᠮ ᠪᠤᠯᠵᠠᠢ︾    Y914 ᠵᠠᠰᠠᠮᠠᠯ ᠵᠠᠮ ᠪᠣᠯ ᠯᠦᠸᠧ ᠲᠦᠸᠧ ᠱᠠᠨ ᠪᠠᠯᠭᠠᠰᠤᠨ ᠤ ᠾᠧᠢ ᠱᠠᠨ ᠮᠢᠶᠣᠣ ᠲᠣᠰᠬᠤᠨ ᠠᠴᠠ ᠴᠢᠶᠠᠨ ᠶᠢᠨ ᠭᠧᠦ ᠪᠠᠯᠭᠠᠰᠤᠨ ᠤ ᠰᠧ ᠯᠢᠶᠠᠨ ᠲᠣᠰᠬᠤᠨ ᠬᠦᠷᠬᠦ ᠳᠥᠷᠪᠡᠳᠦᠭᠡᠷ ᠳᠡᠰ ᠤᠨ ᠵᠠᠰᠠᠮᠠᠯ ᠵᠠᠮ ᠪᠣᠯᠤᠨ᠎ᠠ᠂ ᠵᠠᠮ ᠳᠠᠭᠠᠤ ᠮᠠᠰᠢ ᠤᠯᠠᠨ ᠭᠡᠪᠴᠢᠶᠡᠵᠢᠭᠰᠡᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠳ ᠪᠠᠶᠢᠷᠢᠰᠢᠵᠤ ᠪᠠᠶᠢᠭ᠎ᠠ᠂ ᠡᠨᠡ ᠪᠣᠯ ᠴᠢᠯᠠᠭᠤᠨ ᠤᠰᠤ᠂ ᠾᠧᠦ ᠱᠠᠨ ᠢ᠂ ᠰᠢ ᠾᠧ ᠶᠠᠨ ᠵᠡᠷᠭᠡ 7 ᠲᠣᠰᠬᠤᠨ ᠤ ᠨᠠᠰᠢ ᠴᠠᠰᠢ ᠢᠷᠡᠵᠦ ᠶᠠᠪᠤᠬᠤ  ᠦᠢᠯᠡᠳᠪᠦᠷᠢᠯᠡᠯ ᠠᠮᠢᠳᠤᠷᠠᠯ ᠤᠨ ᠭᠤᠣᠯ ᠵᠠᠮ ᠶᠤᠮ᠃  ᠲᠠᠶᠢᠹᠤᠰᠧ ᠬᠤᠰᠢᠭᠤ ᠨᠢ 40.8 ᠺᠢᠯᠤᠮᠧᠲᠷ ᠤᠷᠳᠤ ᠡᠨᠡᠬᠦ ᠵᠠᠮ ᠢ ᠪᠠᠶᠢᠭᠤᠯᠬᠤ ᠳᠤ ᠨᠡᠶᠢᠳᠡ 6775 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠵᠠᠮ ᠳᠠᠭᠠᠤ ᠳᠠᠬᠢ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠠᠶᠢᠭᠰᠠᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠭᠡᠳ᠂ ᠰᠢᠨᠡᠬᠡᠨ ᠪᠠᠶᠢᠭᠤᠯᠤᠭᠳᠠᠭᠰᠠᠨ ᠵᠠᠰᠠᠮᠠᠯ ᠵᠠᠮ ᠨᠢ ᠬᠥᠳᠡᠭᠡ ᠲᠤᠰᠬᠤᠨ ᠢ ᠬᠥᠭᠵᠢᠭᠦᠯᠬᠦ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠵᠤ᠂ ᠣᠯᠠᠨ ᠲᠦᠮᠡᠨ ᠤ ᠠᠵᠤ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠵᠠᠢ᠃     ᠯᠦᠸᠧ ᠲᠦᠸᠧ ᠱᠠᠨ ᠪᠠᠯᠭᠠᠰᠤᠨ ᠤ ᠲᠠᠷᠢᠶᠠᠴᠢᠨ ᠵᠧᠩ ᠶᠦᠩ᠄ ︽ᠤᠤᠯ ᠤᠨ ᠵᠠᠮ ᠶᠠᠪᠤᠬᠤ ᠳᠤ ᠬᠦᠴᠢᠷ ᠪᠠᠶᠢᠵᠠᠢ᠂  ᠭᠠᠳᠠᠨ᠎ᠠ ᠶᠢᠨ ᠠᠷᠠᠯᠵᠢᠶᠠᠴᠢᠨ ᠪᠦᠷ ᠢᠷᠡᠬᠦ ᠳᠤᠷ᠎ᠠ ᠦᠭᠡᠢ᠂  ᠲᠥᠮᠥᠰᠥ ᠨᠤᠭᠤᠭ᠎ᠠ ᠪᠠᠨ ᠪᠦᠷ ᠦᠪᠡᠷᠳᠡᠭᠡᠨ ᠲᠡᠭᠡᠭᠡᠵᠦ ᠭᠠᠷᠤᠨ᠎ᠠ᠂ ᠦᠨ᠎ᠡ ᠬᠠᠩᠰᠢ ᠴᠦ ᠲᠡᠭᠡᠭᠰᠢᠯᠡᠵᠦ ᠳᠡᠶᠢᠯᠬᠦ ᠦᠭᠡᠢ ᠪᠤᠯᠬᠤᠷ ᠲᠠᠷᠢᠶᠠᠴᠢᠳ ᠤᠨ ᠢᠳᠡᠪᠬᠢᠵᠢᠯ ᠴᠦ ᠠᠨᠠᠢ ᠪᠠᠶᠢᠵᠠᠢ᠃ ᠣᠳᠣ ᠵᠠᠰᠠᠮᠠᠯ ᠵᠠᠮ ᠲᠠᠷᠢᠶᠠᠨ ᠭᠠᠵᠠᠷ ᠬᠦᠷᠲᠡᠯ᠎ᠡ ᠰᠢᠭᠤᠳ ᠨᠡᠪᠲᠡᠷᠡᠨ᠎ᠡ᠂  ᠠᠷᠠᠯᠵᠢᠶᠠᠨ ᠤ ᠲᠡᠷᠭᠡ   ᠤᠳ ᠰᠢᠭᠤᠳ ᠲᠠᠷᠢᠶᠠᠨ ᠭᠠᠵᠠᠷ ᠲᠡᠭᠡᠷ᠎ᠡ ᠢᠷᠡᠵᠦ ᠵᠠᠬᠢᠶᠠᠯᠠᠭ᠎ᠠ ᠶᠢᠨ ᠨᠤᠭᠤᠭ᠎ᠠ ᠪᠠᠨ ᠲᠡᠭᠡᠭᠡᠳ ᠶᠠᠪᠤᠴᠢᠬᠠᠬᠤ ᠶᠤᠮ︾᠃     ᠤᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ︽ᠲᠦᠷᠪᠡᠨ ᠰᠠᠶᠢᠨᠳᠠᠢ ᠬᠥᠳᠡᠭᠡ ᠶᠢᠨ ᠵᠠᠮ︾ ᠢ ᠪᠠᠶᠢᠭᠤᠯᠵᠤ᠂  ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ  ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠬᠢᠭᠤᠯᠤᠨ᠂  ᠬᠥᠳᠡᠭᠡ ᠲᠣᠰᠬᠤᠨ ᠤ ᠪᠠᠶᠠᠵᠢᠯ  ᠂ ᠬᠥᠳᠡᠭᠡ ᠠᠵᠤ ᠠᠬᠤᠢ ᠶᠢᠨ ᠬᠦᠭᠵᠢᠯᠳᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠴᠢᠩᠭ᠎ᠠ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠭᠡᠷᠡᠭᠳᠡᠢ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂  ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠶᠢᠭᠤᠯᠤᠯᠳᠠ ᠶᠢ ᠬᠥᠳᠡᠭᠡ ᠲᠤᠰᠬᠤᠨ ᠢ ᠬᠥᠭᠵᠢᠭᠦᠯᠦᠨ  ᠮᠠᠨᠳᠤᠭᠤᠯᠬᠤ  ᠂ ᠬᠤᠲᠠ ᠬᠥᠳᠡᠭᠡ ᠶᠢ ᠠᠭᠤᠰᠤᠯᠴᠠᠭᠤᠯᠤᠨ ᠬᠦᠭᠵᠢᠬᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠤᠯᠭᠠᠨ᠂ ᠬᠦᠳᠡᠭᠡ ᠲᠤᠰᠬᠤᠨ ᠤ ᠵᠠᠰᠠᠮᠠᠯ ᠵᠠᠮ ᠢ ᠴᠢᠨᠠᠷᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠰᠠᠭᠠᠳ ᠬᠠᠷᠰᠢ ᠦᠭᠡᠢ᠂ ᠠᠮᠤᠷ ᠲᠦᠪᠰᠢᠨ᠂ ᠲᠠᠭᠠᠯᠠᠮᠵᠢᠲᠠᠢ ᠰᠠᠶᠢᠬᠠᠨ︾ ᠬᠥᠳᠡᠭᠡ ᠲᠤᠰᠬᠤᠨ ᠤ ᠵᠠᠮ ᠬᠠᠷᠢᠯᠴᠠᠭᠠᠨ ᠤ  ᠰᠢᠰᠲ᠋ᠧᠮ ᠢ ᠪᠠᠶᠢᠭᠤᠯᠤᠨ᠂ ᠬᠥᠳᠡᠭᠡ ᠲᠤᠰᠬᠤᠨ ᠤ ᠵᠠᠰᠠᠮᠠᠯ ᠵᠠᠮ ᠢ  ᠬᠦᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠤᠰᠬᠤᠨ ᠤ ᠤ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ︽ᠰᠢᠵᠢᠷ ᠠᠯᠲᠠᠨ ᠵᠠᠮ︾ ᠪᠣᠯᠭᠠᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠬᠦ ᠣᠷᠳᠣ ᠨᠢ 1147.5 ᠺᠢᠯᠤᠮᠧᠲᠷ ᠲᠤ ᠬᠦᠷᠴᠦ᠂ ᠡᠭᠦᠨ ᠳᠤ ᠬᠤᠰᠢᠭᠤ ᠰᠢᠶᠠᠨ ᠤ ᠵᠠᠮ 142.9  ᠺᠢᠯᠤᠮᠧᠲᠷ᠂ ᠰᠤᠮᠤ ᠰᠢᠶᠠᠩ ᠪᠠᠯᠭᠠᠰᠤᠨ ᠤ ᠵᠠᠮ 288.8  ᠺᠢᠯᠤᠮᠧᠲᠷ᠂  ᠭᠠᠴᠠᠭ᠎ᠠ ᠲᠣᠰᠬᠤᠨ ᠤ ᠵᠠᠮ 715.8 ᠺᠢᠯᠤᠮᠧᠲᠷ ᠪᠠᠶᠢᠵᠤ᠂ 7 ᠰᠤᠮᠤ ᠰᠢᠶᠠᠩ ᠪᠠᠯᠭᠠᠰᠤᠨ ᠳᠤ ᠪᠦᠷ ᠭᠤᠷᠪᠠᠳᠤᠭᠠᠷ ᠲᠠᠰ ᠤᠨ ᠪᠠᠷᠤᠭᠰᠢᠨ ᠵᠠᠮ ᠨᠡᠪᠳᠡᠷᠡᠨ 176 ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠳᠡᠷᠡᠭᠡᠳ᠂ ᠬᠥᠮᠦᠨ ᠠᠮᠠ ᠤᠯᠠᠨᠳᠠᠢ 396 ᠨᠡᠯᠢᠶᠡᠳ ᠠᠶᠢᠯ ᠲᠣᠰᠬᠤᠨ ᠳᠤ ᠪᠦᠷ ᠽᠧᠮᠧᠨ᠋ᠲ ᠵᠠᠮ ᠨᠡᠪᠳᠡᠷᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号