ᠲᠠᠶᠢᠹᠤᠰᠧ ᠬᠤᠰᠢᠭᠤ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/9/2
 8 ᠰᠠᠷ᠎ᠠ ᠶᠢᠨ 29 ᠤ ᠡᠳᠦᠷ ᠲᠠᠶᠢᠹᠤᠰᠧ ᠬᠤᠰᠢᠭᠤ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠪᠠᠶᠢᠳᠠᠯ ᠢ  ᠮᠡᠳᠡᠭᠳᠡᠨ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠢ ᠶᠡᠷᠦᠩᠬᠡᠶᠢᠯᠡᠨ ᠵᠢᠯᠤᠭᠤᠳᠤᠭᠤᠯᠵᠤ᠂ ᠡᠮᠡᠭᠲᠡᠶᠢᠴᠦᠳ ᠬᠡᠦᠬᠡᠳ ᠪᠠᠭᠠᠤᠴᠳ ᠤᠨ ᠠᠵᠢᠯ ᠤᠨ ︽ᠬᠤᠶᠠᠷ ᠲᠣᠭᠲᠠᠭᠠᠯ︾ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ ᠨᠠᠰᠤᠨ ᠳᠤ ᠦᠯᠦ ᠬᠦᠷᠦᠭᠰᠡᠳ ᠢ  ᠬᠠᠯᠠᠮᠵᠢᠯᠠᠬᠤ ᠪᠠ ᠬᠠᠮᠠᠭᠠᠯᠠᠬᠤ ᠪᠠᠨ ᠴᠢᠩᠭᠠᠳᠬᠠᠵᠤ᠂ ᠥᠷᠭᠡᠨ ᠤᠯᠠᠨ ᠡᠮᠡᠭᠲᠡᠶᠢᠴᠦᠳ ᠤᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠲᠡᠮᠵᠢᠯᠭᠡ ᠦᠵᠡᠬᠦᠯᠦᠨ᠂ ᠡᠮᠡᠭᠲᠡᠶᠢᠴᠦᠳ ᠬᠡᠦᠬᠡᠳ ᠪᠠᠭᠠᠴᠤᠳ ᠲᠤ ᠬᠤᠯᠪᠤᠭᠳᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠨ ᠬᠢᠬᠦ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠪᠠᠲᠤᠯᠠᠬᠤ ᠠᠵᠢᠯ ᠤᠨ ᠡᠷᠴᠢᠮ ᠢ  ᠴᠢᠩᠭᠠᠷᠠᠭᠤᠯᠤᠨ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠯ᠎ᠡ ᠲᠦᠷᠦᠯ ᠤᠨ ᠠᠵᠢᠯ ᠤᠨ ᠦᠷ᠎ᠡ ᠪᠦᠲᠦᠮᠵᠢ ᠲᠠᠢ ᠶᠠᠪᠤᠭᠳᠠᠬᠤ ᠶᠢ ᠪᠠᠲᠤᠯᠠᠵᠤ᠂ ᠡᠮᠡᠭᠲᠡᠶᠢᠴᠦᠳ ᠬᠡᠦᠬᠡᠳ ᠪᠠᠭᠠᠴᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ᠬᠤᠰᠢᠭᠤᠨ ᠤ ᠰᠢᠭᠦᠬᠦ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠤᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ  ᠰᠠᠨᠠᠯ ᠢᠶᠠᠨ ᠰᠤᠯᠢᠯᠴᠠᠵᠤ ᠶᠠᠷᠢᠶ᠎ᠠ ᠲᠠᠯᠪᠢᠵᠠᠢ᠃  ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠ ᠬᠤᠯᠪᠤᠭᠠᠴᠢᠳ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号