ᠵᠤᠤ ᠹᠧᠢ ᠫᠧᠩ ᠭᠦᠨᠪᠤᠯᠠᠭ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠷᠤᠭᠰᠠᠨ
ᠨᠡᠶᠢᠲᠡᠯᠡᠭᠰᠡᠨ ᠴᠠᠭ᠄
2024/9/2
  8 ᠰᠠᠷ᠎ᠠ ᠶᠢᠨ 28 ᠤ ᠡᠳᠦᠷ᠂ ᠠᠶᠢᠮᠠᠭ ᠤᠨ ᠳᠡᠳ᠋ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠦᠨᠪᠤᠯᠠᠭ ᠰᠤᠷᠭᠠᠭᠤᠯᠢ ᠳᠤ ᠬᠦᠨᠵᠡᠬᠡᠶᠢᠷᠡᠵᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠬᠤ  ᠶᠢᠨ ᠬᠠᠮᠳᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠵᠤᠤ ᠹᠸᠢ ᠫᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠨᠠᠮ ᠤᠨ ᠲᠡᠦᠬᠡ ᠪᠠ ᠲᠠᠶᠢᠹᠤᠰᠧ ᠬᠤᠰᠢᠭᠤᠨ ᠤ ᠦᠨᠳᠦᠰᠦᠨ ᠪᠠᠶᠢᠳᠠᠯ ᠲᠠᠢ ᠤᠶᠠᠯᠳᠤᠭᠤᠯᠵᠤ᠂ ᠤᠯᠠᠨ ᠲᠠᠢ ᠬᠠᠮᠲᠤ ᠰᠤᠷᠤᠯᠴᠠᠯᠭ᠎ᠠ ᠶᠢᠨ ᠲᠠᠨᠢᠯᠲᠠ ᠪᠠ ᠣᠶᠢᠯᠠᠭᠠᠯᠲᠠ ᠪᠠᠨ ᠬᠤᠪᠢᠶᠠᠯᠴᠠᠭᠰᠠᠨ ᠪᠠᠶᠢᠨ᠎ᠠ᠃ ᠲᠡᠷᠡ ᠴᠢᠬᠤᠯᠠᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠯ᠎ᠡ ᠭᠤᠭᠴᠤᠭ᠎ᠠ ᠳᠤ ᠠᠭᠤᠰᠤᠯᠴᠠᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠳᠡᠯᠭᠡᠷᠡᠭᠦᠯᠦᠨ ᠬᠡᠷᠡᠭᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠣᠯ ᠡᠭᠦᠷᠭᠡ ᠶᠢᠨ ᠲᠣᠭᠤᠷᠢᠨ ᠳᠤ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠨ᠂ ᠰᠤᠷᠭᠠᠭᠤᠯᠢ ᠶᠢᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  + ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠭᠦᠨᠵᠡᠭᠡᠶ ᠠᠭᠤᠰᠤᠯᠴᠠᠭᠤᠯᠤᠨ᠂ ᠦᠵᠡᠯ ᠰᠠᠨᠠᠭ᠎ᠠ ᠤᠯᠤᠰ ᠲᠥᠷᠥ  ᠪᠠᠷ ᠬᠥᠮᠦᠨ ᠢ ᠬᠥᠮᠦᠵᠢᠭᠦᠯᠬᠦ ᠶᠢ ᠲᠤᠪᠤᠶᠢᠯᠭᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠤᠯᠤᠰ ᠲᠥᠷᠥ ᠶᠢᠨ ᠰᠠᠭᠤᠷᠢ ᠶᠢ ᠲᠠᠯᠪᠢᠬᠤ ᠬᠡᠷᠡᠭᠲᠡᠶ᠃ ᠪᠠᠭᠰᠢ ᠶᠢᠨ ᠪᠣᠯᠪᠠᠰᠤᠷᠠᠯ ᠬᠦᠮᠦᠵᠢᠯ᠂  ᠵᠢᠭᠠᠨ ᠰᠤᠷᠭᠠᠯᠲᠠ ᠶᠢᠨ ᠰᠣᠯᠢᠯᠴᠠᠭ᠎ᠠ᠂ ᠰᠤᠳᠤᠯᠤᠨ ᠰᠤᠷᠤᠯᠴᠠᠵᠤ ᠬᠠᠮᠲᠤᠪᠠᠷ ᠪᠠᠶᠢᠭᠤᠯᠬᠤ   ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠴᠢᠳᠠᠪᠤᠷᠢ ᠶᠢ ᠲᠡᠭᠡᠭᠰᠢᠯᠡᠬᠦᠯᠦᠨ᠂ ᠰᠤᠷᠭᠠᠭᠤᠯᠢ ᠡᠷᠬᠢᠯᠡᠬᠦ ᠶᠡᠷᠦᠩᠬᠡᠢ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠯ ᠰᠡᠷᠭᠡᠶᠢᠯᠡᠯᠳᠡ᠂ ᠢᠳᠡᠭᠡᠨ ᠤᠮᠳᠠᠭᠠᠨ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠪᠠᠭᠰᠢ ᠰᠤᠷᠤᠭᠴᠢᠳ ᠲᠤ ᠠᠮᠤᠷ ᠲᠣᠭᠲᠠᠭᠤᠨ  ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠶ ᠠᠵᠢᠯᠯᠠᠵᠤ ᠰᠤᠷᠤᠯᠴᠠᠬᠤ ᠣᠷᠴᠢᠨ ᠨᠦᠬᠦᠴᠡᠯ‌ᠢ ᠪᠣᠶ ᠪᠣᠯᠭᠠᠵᠤ ᠥᠭᠬᠦ ᠬᠡᠷᠡᠭᠲᠡᠶ ᠭᠡᠪᠡ᠃ ᠯᠢᠦ ᠶᠠ ᠱᠧᠩ᠂ ᠡᠷᠳᠡᠨᠢᠪᠠᠭᠠᠲᠤᠷ᠂ ᠰᠤᠷᠭᠠᠨ ᠬᠥᠮᠦᠵᠢᠯ ᠤᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号