ᠬᠠᠯᠠᠭᠤᠨ ᠰᠡᠳᠬᠢᠯᠳᠦ ᠠᠵᠤ ᠠᠬᠤᠶᠢᠯᠠᠯ ᠤᠨ ᠬᠢᠨ ᠭᠠᠴᠠᠭᠠᠨ ᠤ ᠮᠠᠯᠴᠢᠳ ᠢ ᠬᠠᠯᠠᠮᠵᠢᠯᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2024/9/2
ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ 8 ᠰᠠᠷ᠎ᠠ ᠶᠢᠨ 30 ᠤ ᠡᠳᠦᠷ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠠᠶ ᠬᠤᠶ ᠱᠧᠩ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ ᠲᠠᠢ ᠬᠠᠮᠳᠤ ᠬᠦᠨᠪᠤᠯᠠᠭ ᠰᠤᠮᠤᠨ ᠤ ᠵᠢᠷᠠᠨ ᠤᠰᠤ ᠭᠠᠴᠠᠭᠠᠨ ᠳᠤ  ᠬᠦᠨᠵᠡᠬᠡᠶᠢᠷᠡᠵᠦ᠂ ᠮᠠᠯᠴᠢᠨ ᠲᠦᠮᠡᠨ ᠢ ᠬᠠᠯᠠᠮᠵᠢᠯᠠᠨ ᠲᠤᠬᠤᠨᠢᠭᠤᠯᠵᠠᠢ᠃ ᠪᠠᠢ ᠬᠤᠢ ᠱᠧᠩ ᠺᠣᠮᠫᠠᠨᠢ ᠠᠴᠠ ᠮᠠᠯᠴᠢᠳ  ᠲᠤ ᠠᠮᠢᠳᠤᠷᠠᠯ ᠤᠨ ᠡᠳ᠋ ᠪᠣᠳᠠᠰ ᠬᠦᠷᠭᠡᠵᠦ᠂  ᠬᠠᠶᠢᠷ᠎ᠠ ᠬᠠᠯᠠᠮᠵᠢ ᠶᠢᠨ ᠰᠡᠳᠬᠢᠯᠭᠡ ᠪᠠᠨ  ᠢᠯᠡᠳᠭᠡᠨ᠂  ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠠᠮ ᠪᠠ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠶᠢ ᠮᠡᠳᠡᠷᠡᠬᠦᠯᠦᠭᠡᠳ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠦᠭᠡᠳ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠪᠤᠯᠤᠨ᠎ᠠ᠃ ᠲᠠᠶᠢᠹᠤᠰᠧ ᠬᠤᠰᠢᠭᠤ ᠨᠢ ᠡᠶᠢᠨ ᠬᠦ᠋ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠠᠵᠢᠯᠯᠠᠭ᠎ᠠ ᠪᠠᠷ ᠲᠠᠮᠵᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠦᠢᠯᠡᠰ ᠢ ᠬᠥᠭᠵᠢᠭᠦᠯᠦᠨ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠳᠤ ᠰᠡᠳᠬᠢᠯ ᠰᠠᠨᠠᠭ᠎ᠠ ᠶᠢ ᠨᠢᠬᠡᠳᠭᠡᠨ ᠬᠦᠴᠦᠨ ᠴᠢᠳᠠᠯ ᠢ  ᠨᠢᠬᠳᠠᠷᠠᠭᠤᠯᠵᠤ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号