ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ — ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/2
 ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠢ  ᠠᠬᠢᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠤᠯᠭᠠᠬᠤ ᠶᠢᠨ ᠲᠦᠯᠦᠭᠡ᠂ 8 ᠰᠠᠷ᠎ᠠ ᠶᠢᠨ 29 ᠤ ᠡᠳᠦᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠲᠠᠶᠢᠹᠤᠰᠧ ᠬᠤᠰᠢᠭᠤᠨ  ᠳᠤ ᠬᠦᠨᠵᠡᠬᠡᠶᠢᠷᠡᠵᠦ  ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠬᠤᠷᠠᠯ ᠢ ᠡᠷᠬᠢᠯᠡᠵᠡᠢ᠃ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠬᠠᠨ ᠵᠢᠶᠦ᠋ᠨ ᠮᠢᠨ ᠠᠴᠠ ︽ᠡᠨᠡ  ᠤᠳᠠᠭᠠᠨ ᠤ ᠪᠥᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ  ᠂ ᠤᠯᠤᠰ ᠤᠨ ᠬᠦᠴᠦᠷᠬᠡᠭᠵᠢᠯ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠬᠤᠷᠠᠯ︾  ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ︾ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠶ ᠤᠶᠢᠯᠠᠭᠠᠨ ᠡᠵᠡᠮᠰᠢᠬᠦ︾ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠬᠦ︾ ᠵᠡᠷᠭᠡ ᠳᠥᠷᠪᠡᠨ ᠭᠤᠤᠯ ᠰᠡᠳᠦᠪ ᠤᠨ ᠲᠤᠭᠤᠷᠢᠨ  ᠳᠤ  ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ ᠢᠯᠡᠷᠭᠡᠶᠢᠯᠡᠬᠦ ᠳᠡᠭᠡᠨ᠂  ᠡᠨᠡ  ᠤᠳᠠᠭᠠᠨ ᠤ ᠮᠡᠳᠡᠬᠦᠯᠦᠯᠳᠡ ᠨᠢ ᠤᠨᠤᠯᠴᠢ ᠴᠢᠨᠠᠷ ᠯᠤᠬᠢᠭᠴᠢ ᠴᠢᠨᠠᠷ ᠢᠶᠠᠷ ᠴᠢᠩᠭ᠎ᠠ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢ ᠲᠠᠢ ᠪᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠬᠦᠴᠦᠲᠡᠢ ᠵᠢᠯᠣᠭᠤᠳᠣᠯᠭ᠎ᠠ ᠬᠠᠩᠭᠠᠯ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠪᠡᠷ ᠦᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠹᠤᠰᠧ ᠬᠤᠰᠢᠭᠤᠨ ᠳᠠᠭᠠᠨ ᠦᠷ᠎ᠡ ᠪᠦᠲᠦᠮᠵᠢ   ᠲᠠᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ ᠬᠡᠵᠡᠭᠡᠪᠡ᠃ ᠬᠤᠷᠠᠯ ᠤᠨ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠰᠠ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠭᠦᠨᠵᠡᠭᠡᠶᠢᠷᠡᠵᠦ᠂ ᠰᠢᠭᠦᠬᠦ ᠬᠤᠷᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ᠂ ᠬᠦᠨ ᠭᠦᠨᠵᠡᠭᠡᠶ ᠪᠦᠭᠡᠳ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ᠂  ᠬᠤᠰᠢᠭᠤ ᠱᠠᠳᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠳ ᠵᠡᠷᠭᠡ 350 ᠭᠠᠷᠤᠶ ᠬᠥᠮᠦᠨ ᠮᠡᠳᠡᠬᠦᠯᠦᠯᠳᠡ ᠶᠢᠨ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号