ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ — ᠵᠤᠤ ᠹᠸᠢ ᠫᠧᠩ ᠴᠢᠶᠠᠨ ᠶᠢᠨ ᠭᠸᠤ ᠪᠠᠯᠭᠠᠰᠤᠨ ᠳᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠰᠠᠨ
ᠨᠡᠶᠢᠲᠡᠯᠡᠭᠰᠡᠨ ᠴᠠᠭ᠄
2024/9/2
  8 ᠰᠠᠷ᠎ᠠ ᠶᠢᠨ 28 ᠤ ᠡᠳᠦᠷ᠂ ᠠᠶᠢᠮᠠᠭ ᠤᠨ ᠳᠡᠳ᠋ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠴᠢᠶᠠᠨ ᠶᠢᠨ ᠭᠸᠦ ᠪᠠᠯᠭᠠᠰᠤᠨ ᠳᠤ ᠬᠦᠷᠴᠦ᠂  ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠤ ᠲᠥᠯᠥᠭᠡᠯᠡᠭᠴᠢ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠪᠠᠯᠭᠠᠰᠤᠨ ᠤ ᠠᠵᠤ ᠦᠢᠯᠡᠰ ᠤᠨ ᠬᠥᠭᠵᠢᠯᠲᠡ  ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠡᠷᠬᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠯᠤᠭ᠎ᠠ ᠤᠶᠠᠯᠳᠤᠭᠤᠯᠤᠨ ᠨᠠᠶᠢᠳᠠᠪᠤᠷᠢᠵᠢᠭᠤᠯᠬᠤ ᠲᠤᠬᠠᠢ ᠰᠤᠳᠤᠯᠤᠨ ᠶᠠᠷᠢᠯᠴᠠᠪᠠ᠃ ᠵᠤᠤ ᠹᠸᠢ ᠫᠧᠩ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠭᠤᠤᠯ ᠰᠢᠵᠢᠮ ᠤᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠢᠶᠠᠨ ᠶᠢᠨ ᠭᠸᠦ ᠪᠠᠯᠭᠠᠰᠤᠨ ᠤ ᠬᠥᠭᠵᠢᠯᠲᠡ ᠳᠤ ᠨᠡᠶᠢᠴᠡᠭᠰᠡᠨ ᠥᠭᠡᠷᠡᠴᠢᠯᠡᠯᠲᠡ ᠶᠢᠨ ᠪᠤᠳᠠᠳᠠᠢ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤ ᠶᠢᠨ ᠲᠣᠭᠲᠠᠴᠠ ᠶᠢ ᠲᠡᠬᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠬᠦᠯᠬᠦ ᠬᠡᠷᠡᠭᠲᠡᠢ᠃ ᠤᠯᠠᠨ ᠲᠦᠮᠡᠨ ᠤ ᠵᠤᠪᠠᠵᠣ ᠰᠠᠨᠠᠭᠠᠰᠢᠷᠠᠵᠤ ᠬᠦᠰᠡᠵᠦ ᠬᠠᠷᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠬᠡᠷᠡᠬᠦᠯᠬᠦ ᠬᠡᠯᠪᠡᠷᠢᠴᠢ ᠦᠵᠡᠯ ᠢ ᠵᠠᠰᠠᠵᠤ ᠵᠠᠯᠠᠷᠠᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠲᠦᠮᠡᠨ ᠳᠤ ᠨᠡᠩ ᠶᠡᠭᠡ ᠨᠡᠩ ᠭᠤᠣᠯᠴᠢ ᠪᠠᠷ ᠬᠦᠷᠲᠡᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ ᠡᠨᠡ ᠬᠤᠭᠤᠴᠠᠭᠠᠨ ᠳᠤ᠂ ᠵᠤᠤ ᠹᠸᠢ ᠫᠧᠩ ᠪᠠᠰᠠ ᠴᠢᠶᠠᠨ ᠶᠢᠨ ᠭᠸᠤ ᠪᠠᠯᠭᠠᠰᠤᠨ ᠤ ᠬᠡᠰᠡᠭ ᠭᠤᠣᠯᠳᠠᠯᠭ᠎ᠠ ᠲᠠᠢ ᠲᠦᠷᠦᠯ ᠵᠦᠢᠯ᠂ ᠲᠠᠢ ᠽᠢ ᠴᠧᠩ ᠲᠡᠮᠦᠷ ᠵᠠᠮ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠨᠵᠡᠬᠡᠶᠢᠷᠡᠵᠦ ᠲᠦᠷᠦᠯ ᠵᠦᠢᠯ ᠤᠨ ᠠᠬᠢᠴᠠ ᠶᠢ ᠪᠠᠶᠢᠴᠠᠭᠠᠨ ᠦᠵᠡᠭᠰᠡᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤ ᠨᠠᠮ ᠤᠨ ᠬᠤᠷᠢᠶᠠᠨ ᠤ  ᠠᠯᠪᠠᠨ ᠭᠡᠷ ᠤᠨ ᠡᠷᠬᠢᠯᠡᠭᠴᠢ ᠯᠢᠦ ᠶᠠ ᠱᠧᠩ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号