ᠬᠠᠤᠯᠢ ᠴᠠᠭᠠᠵᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/9/20
   ᠤᠯᠤᠰ ᠪᠠ ᠤᠷᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠮᠢᠶᠠᠳᠠᠢ ᠬᠠᠤᠯᠢ ᠲᠦᠷᠢᠮ ᠬᠢᠭᠡᠳ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠡᠷᠡᠭᠵᠢᠬᠦᠯᠵᠦ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ   ᠤᠨ ᠲᠦᠷᠦ ᠶᠢᠨ ᠪᠤᠳᠤᠯᠭ᠎ᠠ᠂ ᠲᠦᠷᠢᠮ ᠲᠤᠭᠳᠠᠭᠠᠯ ᠢ ᠰᠤᠳᠤᠯᠤᠨ ᠲᠤᠭᠳᠠᠭᠠᠵᠤ᠂ ᠲᠤᠮᠳᠠ ᠤᠷᠳᠤ ᠬᠤᠭᠤᠴᠠᠭᠠᠨ ᠤ ᠲᠦᠯᠦᠪᠵᠢᠬᠦᠯᠬᠡ ᠪᠠ ᠵᠢᠯ ᠤᠨ ᠲᠦᠯᠦᠪᠯᠡᠭᠡ ᠶᠢ  ᠲᠤᠭᠳᠠᠭᠠᠬᠤ  ᠶᠢᠨ ᠬᠠᠮᠳᠤ ᠵᠤᠬᠢᠶᠠᠨ ᠪᠠᠶᠢᠭᠤᠯᠵᠤ ᠭᠡᠷᠡᠭᠵᠢᠬᠦᠯᠦᠨ᠎ᠡ᠃ ᠬᠠᠤᠯᠢ ᠲᠦᠷᠢᠮ ᠤᠨ ᠤᠬᠠᠭᠤᠯᠭ᠎ᠠ ᠪᠠ  ᠲᠦᠭᠡᠮᠡᠯᠵᠢᠬᠦᠯᠦᠯᠳᠡ ᠶᠢᠨ ᠲᠦᠯᠦᠪᠵᠢᠬᠦᠯᠬᠡ ᠶᠢ  ᠲᠤᠭᠳᠠᠭᠠᠨ ᠭᠡᠷᠡᠭᠵᠢᠬᠦᠯᠵᠦ᠂  ᠬᠠᠤᠯᠢ ᠪᠠᠷ ᠬᠤᠰᠢᠭᠤ ᠪᠠᠨ ᠵᠠᠰᠠᠬᠤ ᠪᠠ ᠡᠯ᠎ᠡ ᠰᠤᠮᠤ ᠰᠢᠶᠠᠩ ᠪᠠᠯᠭᠠᠰᠤ᠂ ᠡᠯ᠎ᠡ ᠠᠵᠢᠯ ᠲᠦᠷᠦᠯ᠂ ᠦᠨᠳᠦᠰᠦᠨ ᠱᠠᠳᠤᠨ ᠤ ᠬᠠᠤᠯᠢ ᠪᠠᠷ ᠵᠠᠰᠠᠬᠤ᠂ ᠬᠠᠤᠯᠢ ᠤᠬᠠᠭᠤᠯᠬᠤ ᠠᠵᠢᠯ ᠢ ᠵᠤᠬᠢᠶᠠᠨ ᠪᠠᠶᠢᠭᠤᠯᠵᠤ᠂  ᠵᠢᠯᠤᠭᠤᠳᠴᠤ ᠵᠤᠬᠢᠴᠠᠭᠤᠯᠤᠨ᠎ᠠ᠃ ᠪᠦᠬᠦ ᠬᠤᠰᠢᠭᠤᠨ ᠤ ᠬᠠᠤᠯᠢᠴᠢ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ   ᠶᠢ ᠬᠠᠮᠢᠶᠠᠷᠴᠤ᠂ ᠬᠠᠤᠯᠢᠴᠢ᠂ ᠠᠯᠪᠠᠨ ᠭᠡᠷᠡᠴᠢᠯᠡᠭᠴᠢ᠂ ᠬᠠᠤᠯᠢ ᠶᠢᠨ ᠵᠦᠪᠯᠡᠭᠴᠢ᠂ ᠬᠠᠤᠯᠢ ᠶᠢᠨ ᠲᠤᠰᠠᠯᠠᠭᠴᠢ ᠶᠢᠨ ᠠᠵᠢᠯ ᠶᠢ ᠵᠢᠯᠤᠭᠤᠳᠤᠯᠭ᠎ᠠ ᠬᠢᠬᠦ ᠶᠢᠨ ᠬᠠᠮᠳᠤ ᠬᠢᠨᠠᠯᠳᠠ  ᠲᠠᠯᠪᠢᠨ᠎ᠠ᠃  ᠢᠷᠭᠡᠳ ᠤᠨ ᠬᠤᠭᠤᠷᠤᠨᠳᠤᠬᠢ ᠡᠶᠡᠳᠡᠬᠦᠯᠬᠡ ᠶᠢᠨ ᠠᠵᠢᠯ ᠢ ᠵᠢᠭᠠᠨ ᠵᠢᠯᠤᠭᠤᠳᠴᠤ   ᠡᠷᠡᠬᠦᠦ ᠶᠢᠨ  ᠬᠤᠭᠤᠴᠠᠭ᠎ᠠ ᠲᠤᠯᠵᠤ ᠰᠤᠯᠠᠯᠠᠭᠳᠠᠭᠰᠠᠳ᠂ ᠬᠦᠳᠡᠯᠮᠦᠷᠢ ᠪᠠᠷ ᠦᠬᠡᠷᠡᠴᠢᠯᠡᠬᠦ ᠬᠦᠮᠦᠰ ᠢ ᠲᠦᠪᠬᠢᠨᠡᠬᠦᠯᠵᠦ ᠬᠠᠪᠰᠤᠷᠤᠨ ᠵᠢᠯᠤᠭᠤᠳᠬᠤ ᠠᠵᠢᠯ ᠢ ᠬᠢᠨ᠎ᠡ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠮᠡᠳᠡᠯᠬᠡ ᠶᠢᠨ ᠰᠤᠷᠭᠠᠨ ᠬᠦᠮᠦᠵᠢᠯ᠂  ᠰᠢᠯᠭᠠᠯᠳᠠ  ᠂ ᠤᠨᠤᠯ ᠤᠨ ᠰᠤᠳᠤᠯᠭᠠᠨ ᠤ ᠠᠵᠢᠯ ᠢ ᠬᠠᠮᠢᠶᠠᠷᠤᠨ᠎ᠠ᠃ ᠬᠠᠤᠯᠢ ᠴᠠᠭᠠᠵᠠ ᠶᠢᠨ ᠰᠢᠰᠲ᠋ᠧᠮ ᠤᠨ ᠬᠠᠤᠯᠢ ᠭᠡᠷᠡᠭᠵᠢᠬᠦᠯᠬᠦ ᠳᠤ ᠬᠢᠨᠠᠯᠳᠠ ᠲᠠᠯᠪᠢᠬᠤ᠂ ᠵᠠᠰᠠᠭ ᠵᠠᠬᠢᠷᠭᠠᠨ ᠤ ᠲᠠᠬᠢᠨ ᠵᠦᠪᠯᠡᠬᠦ  ᠵᠡᠷᠭᠡ ᠠᠵᠢᠯ ᠢ ᠬᠠᠷᠢᠭᠤᠴᠠᠨ᠎ᠠ᠃  ᠪᠦᠬᠦ ᠬᠤᠰᠢᠭᠤᠨ ᠤ ᠬᠠᠤᠯᠢ ᠴᠠᠭᠠᠵᠠ ᠶᠢᠨ ᠠᠵᠢᠯᠳᠠᠨ ᠤ ᠡᠩᠨᠡᠬᠡᠨ  ᠤ ᠪᠠᠶᠢᠭᠤᠯᠤᠯᠳᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠢᠨ᠎ᠡ᠃ ᠡᠯ᠎ᠡ ᠰᠤᠮᠤ ᠰᠢᠶᠠᠩ ᠪᠠᠯᠭᠠᠰᠤ ᠶᠢ ᠬᠠᠪᠰᠤᠷᠤᠨ ᠬᠠᠤᠯᠢ ᠴᠠᠭᠠᠵᠠ ᠶᠢᠨ ᠰᠠᠯᠪᠤᠷᠢ ᠶᠢᠨ  ᠤᠳᠤᠷᠢᠳᠬᠤ ᠺᠠᠳᠠᠷ ᠢ ᠬᠠᠮᠢᠶᠠᠷᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号