1. ᠣᠯᠣᠰ᠂ ᠣᠷᠣᠨ ᠤ ᠡᠷᠡᠭᠦᠯ ᠬᠠᠮᠠᠭᠠᠯᠠᠯ ᠤᠨ ᠠᠵᠢᠯ ᠤᠨ ᠬᠠᠤᠯᠢ ᠴᠠᠭᠠᠵᠠ᠂ ᠲᠦᠷᠢᠮ ᠳᠣᠭᠳᠠᠭᠠᠯ ᠪᠠ | ᠴᠢᠭᠯᠡᠯᠲᠡ᠂ ᠳᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ | ᠭᠦᠢᠴᠡᠳᠬᠡᠨ᠎ᠡ᠃ ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠬᠠᠮᠢᠶ᠎ᠠ ᠲᠠᠢ ᠭᠠᠵᠠᠷ ᠣᠷᠣᠨ ᠤ ᠴᠢᠨᠠᠷᠲᠠᠢ | ᠳᠦᠷᠦ ᠶᠢᠨ ᠪᠣᠳᠣᠯᠭ᠎ᠠ᠂ ᠳᠥᠷᠢᠮ ᠳᠣᠭᠲᠠᠭᠠᠯ ᠢ ᠰᠣᠳᠣᠯᠣᠨ ᠲᠤᠭᠳᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠥᠨ᠎ᠡ᠃ | 2. ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠠᠵᠢᠯ ᠤᠨ ᠲᠦᠯᠦᠪᠵᠢᠬᠦᠯᠬᠡ ᠶᠢ ᠰᠤᠳᠤᠯᠤᠨ ᠲᠤᠭᠳᠠᠭᠠᠵᠤ | ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠳᠣᠬᠢᠷᠠᠭᠤᠯᠭ᠎ᠠ ᠶᠢ ᠨᠢᠭᠡᠳᠣᠯᠲᠠᠢ | ᠲᠥᠯᠥᠪᠯᠡᠨ᠂ ᠨᠡᠶᠢᠭᠡᠮ ᠳᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠥᠭᠵᠢᠯᠲᠡ ᠶᠢᠨ | ᠲᠥᠯᠥᠪᠵᠢᠭᠦᠯᠭᠡ ᠪᠠ ᠤᠶᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠡᠷᠡᠭᠦᠯ ᠬᠠᠮᠠᠭᠠᠯᠠᠯ ᠤᠨ | ᠲᠦᠯᠦᠪᠵᠢᠭᠦᠯᠭᠡ᠂ ᠲᠦᠯᠦᠪᠯᠡᠭᠡ ᠶᠢᠨ ᠬᠡᠷᠡᠭᠵᠢᠭᠦᠯᠦᠯᠲᠠ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ ᠃ | 3. ᠪᠦᠬᠦ ᠬᠤᠰᠢᠭᠤᠨ ᠤ ᠬᠥᠲᠡᠭᠡ ᠳᠣᠰᠬᠤᠨ ᠤ ᠡᠷᠡᠭᠦᠯ ᠬᠠᠮᠠᠭᠠᠯᠠᠯ᠂ ᠡᠭᠡ ᠨᠢᠯᠬᠠᠰ ᠤᠨ ᠡᠷᠡᠭᠦᠯ ᠬᠠᠮᠠᠭᠠᠯᠠᠯ | ᠤᠨ ᠠᠵᠢᠯ ᠤᠨ ᠳᠥᠯᠥᠪᠵᠢᠭᠦᠯᠭᠡ ᠪᠠ ᠲᠥᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠰᠣᠳᠣᠯᠣᠨ | ᠳᠣᠭᠲᠠᠭᠠᠵᠤ᠂ ᠠᠩᠬ᠎ᠠ ᠵᠡᠷᠬᠡ ᠶᠢᠨ ᠡᠷᠡᠭᠦᠯ ᠬᠠᠮᠠᠭᠠᠯᠠᠯ ᠶᠢᠨ ᠲᠥᠯᠥᠪᠵᠢᠭᠦᠯᠭᠡ ᠪᠠ ᠡᠬᠡ ᠨᠢᠯᠬᠠᠰ ᠤᠨ ᠲᠣᠰᠬᠠᠢ | ᠲᠦᠷᠦᠯ ᠤᠨ ᠮᠡᠷᠭᠡᠵᠢᠯ ᠤᠨ ᠬᠡᠷᠡᠭᠵᠢᠭᠦᠯᠥᠯᠲᠠ ᠶᠢ ᠵᠢᠯᠤᠭᠤᠳᠤᠨ᠎ᠠ᠃ ᠪᠢᠲᠡᠭᠦᠮᠵᠢᠯᠡᠨ ᠰᠢᠯᠵᠢᠭᠦᠯᠬᠦ ᠪᠠᠶᠢᠯᠳᠣᠬᠤ | ᠪᠣᠳᠣᠯᠭ᠎ᠠ ᠲᠠᠢ ᠣᠶᠠᠯᠳᠣᠭᠤᠯᠣᠨ᠂ ᠰᠣᠮᠣ ᠰᠢᠶᠠᠩ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠬᠡ | ᠡᠷᠡᠭᠦᠯ ᠬᠠᠮᠠᠭᠠᠯᠠᠯ ᠤᠨ ᠠᠵᠢᠯ ᠣᠶᠢᠯᠡᠰ ᠤᠨ ᠪᠠᠶᠢᠭᠤᠯᠭ᠎ᠠ ᠨᠢᠬᠡᠴᠡ ᠶᠢᠨ ᠪᠦᠳᠦᠴᠠ ᠪᠠ ᠪᠠᠶᠢᠷᠢᠰᠢᠭᠤᠯᠤᠯᠳᠠ ᠶᠢ | ᠳᠣᠬᠢᠷᠠᠭᠤᠯᠤᠨ᠎ᠠ᠃ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠪᠠᠲᠣᠯᠠᠭ᠎ᠠ ᠶᠢᠨ ᠳᠦᠷᠢᠮ ᠢ ᠪᠠᠳᠣᠵᠢᠭᠤᠯᠬᠤ ᠪᠠ | ᠲᠡᠭᠦᠯᠲᠡᠷᠵᠢᠭᠦᠯᠦᠨ᠎ᠠ᠃ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠤᠨ ᠠᠵᠢᠯ ᠢ ᠳᠣᠣᠱᠯᠠᠭᠤᠯᠤᠨ᠂ ᠮᠠᠯᠴᠢᠨ | ᠲᠠᠷᠢᠶᠠᠴᠢᠨ ᠤ ᠥᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ | 4. ᠣᠷᠢᠳᠴᠢᠯᠠᠨ ᠰᠡᠷᠭᠡᠶᠢᠯᠡᠬᠦ ᠪᠠᠷ ᠭᠤᠣᠯ ᠴᠢᠭᠯᠡᠯᠲᠠ ᠪᠣᠯᠭᠠᠨ᠂ ᠪᠦᠬᠦ ᠠᠷᠠᠳ ᠤᠨ ᠡᠷᠡᠭᠦᠯ ᠴᠢᠬᠢᠷᠠᠭ ᠤᠨ | ᠰᠣᠷᠭᠠᠨ ᠬᠦᠮᠥᠵᠢᠯ ᠢ ᠶᠠᠪᠤᠭᠳᠠᠭᠤᠯᠤᠨ᠎ᠠ᠃ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠢ ᠭᠦᠨᠳᠦ ᠨᠣᠴᠢᠲᠠᠢ | ᠨᠥᠯᠥᠭᠡᠯᠡᠬᠦ ᠡᠪᠡᠳᠴᠢᠨ ᠤ ᠰᠡᠷᠬᠡᠶᠢᠯᠡᠨ ᠵᠠᠰᠠᠬᠤ ᠲᠥᠯᠥᠪᠵᠢᠭᠦᠯᠭᠡ ᠶᠢ ᠳᠣᠭᠲᠠᠭᠠᠨ᠎ᠠ᠃ ᠭᠦᠨᠳᠦ ᠶᠡᠭᠡ ᠡᠪᠡᠳᠴᠢᠨ | ᠤ ᠶᠡᠷᠥᠨᠬᠡᠶᠢᠯᠡᠭᠰᠡᠨ ᠰᠡᠷᠭᠡᠶᠢᠯᠡᠨ ᠵᠠᠰᠠᠯᠲᠠ ᠶᠢ ᠵᠣᠬᠢᠶᠠᠨ ᠪᠠᠶᠢᠭᠤᠯᠤᠨ᠎ᠠ᠃ | 5. ᠪᠦᠬᠦ ᠬᠤᠰᠢᠭᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠠ ᠶᠢ ᠰᠣᠳᠣᠯᠣᠨ | ᠵᠢᠯᠤᠭᠤᠳᠴᠦ᠂ ᠬᠠᠮᠢᠶ᠎ᠠ ᠪᠦᠬᠦᠢ ᠠᠵᠢᠯ ᠡᠷᠬᠢᠯᠡᠬᠦ ᠪᠠᠷᠢᠮᠵᠢᠶ᠎ᠠ᠂ ᠡᠮ ᠡᠮᠨᠡᠯᠭᠡ ᠶᠢᠨ ᠴᠢᠨᠠᠷ ᠤᠨ ᠪᠠᠷᠢᠮᠵᠢᠶ᠎ᠠ ᠪᠠ | ᠦᠢᠯᠡᠴᠢᠯᠡᠭᠡᠨ ᠤ ᠳᠦᠷᠢᠮᠵᠢᠯ ᠢ ᠳᠣᠭᠳᠠᠭᠠᠬᠤ ᠶᠢᠨ ᠬᠠᠮᠲᠦ ᠬᠢᠨᠠᠯᠲᠠ ᠲᠠᠯᠪᠢᠨ ᠬᠡᠷᠡᠭᠵᠢᠭᠦᠯᠦᠨ᠎ᠠ᠃ ︽ᠡᠮ | ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠥᠨᠡᠮᠯᠡᠯ︾ ᠤᠯᠭᠤᠬᠤ ᠶᠢ ᠬᠠᠷᠢᠭᠤᠴᠠᠨ᠎ᠠ᠃ | ᠠᠵᠢᠯ ᠡᠷᠬᠢᠯᠡᠭᠦ ᠡᠮᠴᠢ ᠪᠠ ᠠᠵᠢᠯ ᠡᠷᠬᠢᠯᠡᠬᠦ ᠳᠣᠰᠠᠯᠠᠭᠴᠢ ᠡᠮᠴᠢ ᠶᠢᠨ ᠳᠠᠩᠰᠠᠯᠠᠯ᠂ ᠰᠣᠪᠢᠯᠠᠭᠴᠢ ᠶᠢᠨ ᠠᠵᠢᠯ | ᠡᠷᠬᠢᠯᠡᠬᠦ ᠳᠠᠩᠰᠠᠯᠠᠯ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | 6. ᠴᠢᠰᠤᠨ ᠤ ᠦᠷᠲᠡᠭᠡ ᠵᠢᠴᠢ ᠪᠣᠰᠣᠳ ᠴᠢᠰᠤ ᠠᠪᠬᠤ ᠪᠠᠶᠢᠭᠤᠯᠤᠮᠵᠢ ᠶᠢᠨ ᠴᠢᠰᠤ ᠠᠪᠬᠤ ᠪᠠ ᠬᠠᠩᠭᠠᠬᠤ | ᠵᠢᠴᠢ ᠡᠮᠴᠢᠯᠡᠭᠡᠨ ᠳᠤ ᠬᠡᠷᠡᠭᠯᠡᠬᠦ ᠴᠢᠰᠤᠨ ᠤ ᠴᠢᠨᠠᠷ ᠢ ᠬᠢᠨᠠᠨ ᠬᠠᠮᠢᠶᠠᠷᠤᠨ᠎ᠠ᠃ | 7. ᠬᠠᠯᠳᠠᠪᠣᠷᠢᠳᠦ ᠡᠪᠡᠳᠴᠢᠨ ᠰᠡᠷᠭᠡᠶᠢᠯᠡᠨ ᠵᠠᠰᠠᠬᠤ ᠪᠠ ᠢᠳᠡᠭᠡᠨ ᠤᠮᠳᠠᠭᠠᠨ᠂ ᠠᠵᠢᠯ ᠳᠦᠷᠦᠯ᠂ ᠣᠷᠴᠢᠨ | ᠳᠣᠭᠤᠷᠢᠨ᠂ ᠰᠣᠷᠭᠠᠭᠤᠯᠢ ᠶᠢᠨ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠵᠤ ᠂ ᠵᠠᠰᠠᠭ ᠵᠠᠬᠢᠷᠭᠠᠨ ᠤ | ᠬᠢᠨᠠᠯᠲᠠ ᠲᠠᠯᠪᠢᠬᠤ ᠠᠵᠢᠯ ᠤᠨ ᠡᠷᠬᠡ ᠪᠠᠨ ᠭᠡᠷᠡᠭᠵᠢᠬᠦᠯᠦᠨ᠎ᠡ᠃ | 8. ᠬᠢᠳᠠᠳ᠂ ᠮᠤᠩᠭᠤᠯ ᠂ ᠡᠸᠦ᠋ᠷᠦᠫᠡ ᠡᠮᠨᠡᠯᠭᠡ ᠶᠢ ᠬᠠᠮᠲᠤ ᠳᠤᠨᠢ ᠴᠢᠬᠤᠯᠠᠴᠢᠯᠠᠬᠤ ᠴᠢᠭᠯᠡᠯᠲᠡ ᠶᠢ | ᠳᠣᠣᠱᠯᠠᠭᠤᠯᠣᠨ᠂ ᠬᠢᠳᠠᠳ᠂ ᠮᠤᠩᠭᠤᠯ ᠂ ᠡᠸᠦ᠋ᠷᠦᠫᠡ ᠡᠮᠨᠡᠯᠭᠡ ᠶᠢ ᠤᠯᠠᠮᠵᠢᠯᠠᠬᠤ ᠪᠠ ᠰᠢᠨ᠎ᠡ ᠶᠢ ᠡᠭᠦᠳᠬᠦ ᠶᠢ | ᠳᠥᠯᠬᠢᠨ ᠠᠬᠢᠭᠤᠯᠵᠦ᠂ ᠬᠢᠳᠠᠳ᠂ ᠮᠤᠩᠭᠤᠯ ᠂ ᠡᠸᠦ᠋ᠷᠦᠫᠡ ᠡᠮᠨᠡᠯᠭᠡ ᠶᠢᠨ ᠣᠳᠣᠬᠢᠴᠢᠯᠠᠯᠲᠠ ᠶᠢ ᠪᠡᠶᠡᠯᠡᠭᠦᠯᠦᠨ᠎ᠡ | | 9. ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠦᠴᠦᠨ ᠤ ᠲᠤᠬᠢᠷᠠᠭᠤᠯᠤᠯᠳᠠ ᠶᠢ | ᠵᠤᠬᠢᠶᠠᠨ ᠪᠠᠶᠢᠭᠤᠯᠵᠤ᠂ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠂ | ᠭᠦᠨᠳᠦ ᠶᠡᠭᠡ ᠭᠡᠨᠡᠳᠲᠡ ᠶᠢᠨ ᠪᠠᠶᠢᠳᠠᠯ᠂ ᠡᠪᠡᠳᠴᠢᠨ ᠬᠢᠵᠢᠭ ᠤᠨ ᠪᠠᠶᠢᠳᠠᠯ ᠢ ᠪᠠᠴᠢᠮ ᠰᠢᠢᠳᠪᠣᠷᠢᠯᠡᠵᠣ᠂ | ᠬᠢᠵᠢᠭ ᠤᠨ ᠪᠠᠶᠢᠳᠠᠯ᠂ ᠡᠪᠡᠳᠴᠢᠨ ᠤ ᠪᠠᠶᠢᠳᠠᠯ ᠤᠨ ᠡᠬᠦᠰᠦᠯ ᠪᠠ ᠲᠡᠯᠭᠡᠷᠡᠯ ᠢ ᠰᠡᠷᠬᠡᠶᠢᠯᠠᠨ ᠬᠤᠷᠢᠭᠯᠠᠨ᠎ᠠ᠃ | 10. ᠬᠤᠰᠢᠭᠤ ᠨᠠᠮ ᠵᠠᠰᠠᠭ᠂ᠪᠠ ᠲᠡᠭᠡᠳᠦ ᠱᠠᠳᠤᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠬᠦᠯᠦᠨ᠎ᠡ᠃ | |