ᠪᠤᠤᠴᠠᠩ ᠪᠠᠯᠭᠠᠰᠤ ᠪᠤᠯ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ᠂ ᠶᠡᠷᠦᠩᠬᠡᠢ ᠲᠠᠯᠠᠪᠠᠶ ᠨᠢ 256 | ᠲᠡᠭᠰᠢ ᠳᠥᠷᠪᠡᠯᠵᠢᠨ ᠺᠢᠯᠣᠮᠧᠲᠷ᠂ ᠬᠤᠲᠠ ᠶᠢᠨ ᠲᠣᠭᠤᠷᠢᠭ ᠤᠨ ᠲᠠᠯᠠᠪᠠᠶ ᠨᠢ 22.1 ᠲᠡᠭᠰᠢ ᠳᠥᠷᠪᠡᠯᠵᠢᠨ | ᠺᠢᠯᠣᠮᠧᠲᠷ ᠪᠠᠶᠢᠵᠤ᠂ 6 ᠨᠡᠶᠢᠭᠡᠮ ᠲᠣᠭᠤᠷᠢᠭ ᠂ 21 ᠵᠠᠰᠠᠭ ᠵᠠᠬᠢᠷᠭᠠᠨ ᠤ ᠲᠣᠰᠬᠤᠨ᠂ 62 ᠠᠶᠢᠯ ᠬᠤᠳᠠ ᠶᠢ | ᠬᠠᠷᠢᠶᠠᠯᠠᠨ᠎ᠠ᠃ ᠡᠷᠦᠬᠡ ᠠᠮᠠ ᠶᠢᠨ ᠲᠠᠩᠰᠠ ᠲᠠᠢ ᠨᠢ 2 .91 ᠲᠦᠮᠡᠨ ᠡᠷᠦᠬᠡ ᠂ 5.8 ᠲᠦᠮᠡᠨ ᠬᠥᠮᠥᠨ | ᠪᠠᠶᠢᠵᠤ ᠂ ᠪᠠᠶᠢᠩᠭᠤ ᠰᠠᠭᠤᠭ᠎ᠠ ᠨᠢ 2.89 ᠲᠦᠮᠡᠨ ᠡᠷᠦᠬᠡ 5.51 ᠲᠦᠮᠡᠨ ᠬᠥᠮᠥᠨ ᠃ ᠪᠥᠬᠦ | ᠪᠠᠯᠭᠠᠰᠤᠨ ᠤ ᠲᠠᠷᠢᠶᠠᠨ ᠭᠠᠵᠠᠷ ᠤᠨ ᠲᠠᠯᠠᠪᠠᠶ 12.42 ᠲᠦᠮᠡᠨ ᠮᠦ᠂ ᠡᠭᠦᠨ ᠳᠤ ᠤᠰᠤᠯᠠᠯᠲᠠ ᠶᠢᠨ ᠲᠠᠯᠠᠪᠠᠶ 3.5 | ᠲᠦᠮᠡᠨ ᠮᠦ ᠪᠠᠶᠢᠵᠤ᠂ ᠬᠥᠮᠥᠨ ᠳᠤᠮᠳᠠᠴᠢ ᠪᠠᠷ 5.1 ᠮᠦ ᠲᠠᠷᠢᠶᠠᠨ ᠭᠠᠵᠠᠷ ᠨᠤᠭᠳᠠᠨ᠎ᠠ ᠃ ᠠᠰᠢᠭᠯᠠᠵᠤ ᠪᠣᠯᠬᠤ | ᠨᠤᠳᠤᠭ ᠪᠡᠯᠴᠢᠭᠡᠷ ᠤᠨ ᠲᠠᠯᠠᠪᠠᠶ 16.9 ᠲᠦᠮᠡᠨ ᠮᠦ᠃ ᠪᠠᠯᠭᠠᠰᠤᠨ ᠳᠤ ᠨᠠᠮ ᠵᠠᠰᠠᠭ ᠤᠨ ᠶᠡᠷᠦᠩᠬᠡᠶᠢᠯᠡᠭᠰᠡᠨ | ᠠᠯᠪᠠᠨ ᠭᠡᠷ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠭᠡᠷ᠂ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠂ ᠨᠡᠶᠢᠭᠡᠮ ᠤᠨ ᠶᠠᠪᠤᠳᠠᠯ ᠤᠨ ᠠᠯᠪᠠᠨ ᠭᠡᠷ᠂ ᠨᠠᠮ | ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ | ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠲᠠᠢ᠃ ᠣᠳᠣᠬᠠᠨ ᠳᠤ 105 ᠺᠠᠳ᠋ᠷ ᠠᠵᠢᠯᠲᠠᠨ ᠤ | ᠳᠣᠲᠣᠷ᠎ᠠ ᠵᠠᠰᠠᠭ ᠵᠠᠬᠢᠷᠭᠠᠨ ᠤ ᠣᠷᠣᠨ ᠲᠤᠭ᠎ᠠ ᠳᠤ 42 ᠬᠦᠮᠦᠨ᠂ ᠠᠵᠢᠯ ᠦᠢᠯᠡᠰ ᠤᠨ ᠣᠷᠣᠨ ᠲᠤᠭ᠎ᠠ ᠳᠤ 63 | ᠬᠦᠮᠦᠨ ᠪᠣᠶ᠃ ᠪᠦᠬᠦ ᠪᠠᠯᠭᠠᠰᠤᠨ ᠳᠤ ᠨᠡᠶᠢᠲᠡ ᠨᠠᠮ ᠤᠨ ᠡᠭᠦᠷ 40 ︵ᠡᠭᠦᠨ ᠳᠤ ᠪᠠᠶᠢᠭᠤᠯᠭ᠎ᠠ ᠶᠢᠨ ᠨᠠᠮ ᠤᠨ | ᠡᠭᠦᠷ 1᠂ ᠲᠣᠰᠬᠤᠨ ᠱᠠᠳᠤᠨ ᠤ ᠨᠠᠮ ᠤᠨ ᠡᠭᠦᠷ 21᠂ ᠨᠡᠶᠢᠭᠡᠮ ᠲᠣᠭᠤᠷᠢᠭ ᠤᠨ ᠨᠠᠮ ᠤᠨ ᠡᠭᠦᠷ 18︶᠂ | ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ 6 ᠪᠠᠶᠢᠵᠤ᠂ ᠨᠡᠶᠢᠭᠡᠮ ᠲᠣᠭᠤᠷᠢᠭ ᠨᠢᠭᠡᠪᠦᠷᠢ ᠳᠤ 3 ᠨᠠᠮ ᠤᠨ | ᠡᠭᠦᠷ ᠲᠠᠢ᠂ ᠪᠠᠶᠢᠭᠤᠯᠭ᠎ᠠ ᠶᠢᠨ ᠨᠠᠮ ᠤᠨ ᠭᠡᠰᠢᠭᠦᠨ 61 ᠪᠠᠶᠢᠵᠤ᠂ ᠨᠡᠶᠢᠲᠡ 2234 ᠨᠠᠮ ᠤᠨ ᠭᠡᠰᠢᠭᠦᠨ ᠲᠠᠢ᠃ |