ᠬᠤᠩ ᠴᠢ ᠪᠠᠯᠭᠠᠰᠤ
ᠨᠡᠶᠢᠲᠡᠯᠡᠭᠰᠡᠨ ᠴᠠᠭ᠄
2024/9/20
   ᠬᠤᠩ ᠴᠢ ᠪᠠᠯᠭᠠᠰᠤ ᠨᠢ ᠲᠠᠶᠢᠹᠤᠰᠧ ᠬᠤᠰᠢᠭᠤᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠪᠠᠷᠠᠭᠤᠨ ᠲᠠᠯ᠎ᠠ ᠪᠠᠷ ᠢᠶᠠᠨ ᠺᠠᠩ ᠪᠦᠦ ᠰᠢᠶᠠᠨ ᠲᠠᠢ ᠵᠠᠬᠠᠯᠠᠨ  ᠂ ᠬᠤᠶᠢᠲᠤ ᠲᠠᠯ᠎ᠠ ᠪᠠᠷ ᠢᠶᠠᠨ ᠰᠢᠯᠤᠭᠤᠨ ᠬᠦᠪᠡᠭᠡᠳᠦ ᠴᠠᠭᠠᠨ ᠬᠤᠰᠢᠭᠤ ᠲᠠᠢ ᠵᠠᠯᠭᠠᠯᠳᠤᠵᠤ ᠪᠠᠶᠢᠳᠠᠭ᠃ ᠶᠡᠷᠦᠩᠬᠡᠢ ᠲᠠᠯᠠᠪᠠᠶ ᠨᠢ 618 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠷᠤᠭ ᠪᠥᠬᠦ ᠬᠤᠰᠢᠭᠤᠨ ᠤ ᠶᠡᠷᠦᠩᠬᠡᠢ ᠲᠠᠯᠠᠪᠠᠶ ᠶᠢᠨ 1/5 ᠶᠢ ᠡᠵᠡᠯᠡᠨ᠎ᠡ  ᠃ 40 ᠵᠠᠰᠠᠭ ᠵᠠᠬᠢᠷᠭᠠᠨ ᠤ ᠲᠣᠰᠬᠤᠨ᠂ 105 ᠠᠶᠢᠯ ᠬᠤᠳᠠ ᠶᠢ ᠬᠠᠷᠢᠶᠠᠯᠠᠵᠤ᠂  ᠡᠷᠦᠬᠡ ᠠᠮᠠ ᠶᠢᠨ ᠲᠠᠩᠰᠠ ᠲᠠᠢ ᠨᠢ 1.72 ᠲᠦᠮᠡᠨ ᠡᠷᠦᠬᠡ 3.90 ᠲᠦᠮᠡᠨ ᠬᠥᠮᠥᠨ  ᠂ ᠪᠠᠶᠢᠩᠭᠤ ᠰᠠᠭᠤᠭ᠎ᠠ ᠨᠢ 5568 ᠡᠷᠦᠬᠡ 1.15 ᠲᠦᠮᠡᠨ ᠬᠥᠮᠥᠨ ᠪᠠᠶᠢᠨ᠎ᠠ᠃ ᠪᠥᠬᠦ ᠪᠠᠯᠭᠠᠰᠤᠨ ᠤ ᠲᠠᠷᠢᠶᠠᠨ ᠭᠠᠵᠠᠷ 32.59 ᠲᠦᠮᠡᠨ ᠮᠦ  ᠂  ᠣᠶᠢᠲᠤ ᠭᠠᠵᠠᠷ 27.76 ᠲᠦᠮᠡᠨ ᠮᠦ᠂  ᠠᠰᠢᠭᠯᠠᠵᠤ ᠪᠤᠯᠬᠤᠶᠢᠴᠠ ᠨᠤᠳᠤᠭ ᠪᠡᠯᠴᠢᠭᠡᠷ 30.26 ᠲᠦᠮᠡᠨ ᠮᠦ᠃  ᠪᠥᠬᠦ ᠪᠠᠯᠭᠠᠰᠤᠨ ᠳᠤ 41 ᠨᠠᠮ ᠤᠨ ᠡᠭᠦᠷ ᠲᠠᠢ᠂ ᠡᠭᠦᠨ ᠳᠤ ᠲᠣᠰᠬᠤᠨ ᠤ ᠨᠠᠮ ᠤᠨ ᠡᠭᠦᠷ 40᠂ ᠪᠠᠶᠢᠭᠤᠯᠭ᠎ᠠ ᠶᠢᠨ ᠨᠠᠮ ᠤᠨ ᠡᠭᠦᠷ 1 ᠪᠠᠶᠢᠵᠤ᠂  ᠨᠡᠶᠢᠳᠡ  1028 ᠨᠠᠮ ᠤᠨ ᠭᠡᠰᠢᠭᠦᠨ ᠲᠠᠢ᠂ ᠡᠭᠦᠨ ᠳᠤ ᠲᠠᠷᠢᠶᠠᠴᠢᠨ ᠨᠠᠮ ᠤᠨ ᠭᠡᠰᠢᠭᠦᠨ 983᠂ ᠪᠠᠶᠢᠭᠤᠯᠭ᠎ᠠ ᠶᠢᠨ ᠨᠠᠮ ᠤᠨ ᠭᠡᠰᠢᠭᠦᠨ 45 ᠪᠠᠶᠢᠵᠤ᠂ ᠡᠮᠡᠭᠲᠡᠢ ᠨᠠᠮ ᠤᠨ ᠭᠡᠰᠢᠭᠦᠨ 203 ᠪᠠᠶᠢᠨ᠎ᠠ᠃  ᠲᠤᠰ ᠪᠠᠯᠭᠠᠰᠤ ᠨᠢ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠮᠠᠯᠵᠢᠬᠤ ᠳᠤ ᠲᠣᠬᠢᠷᠠᠮᠵᠢᠲᠠᠢ ᠪᠣᠯ ᠮᠠᠯᠵᠢᠵᠤ᠂ ᠲᠠᠷᠢᠬᠤ ᠳᠤ ᠲᠣᠬᠢᠷᠠᠮᠵᠢᠲᠠᠢ ᠪᠣᠯ ᠲᠠᠷᠢᠬᠤ ᠶᠢ ᠪᠠᠷᠢᠮᠲᠠᠯᠠᠪᠠ᠃ ᠲᠠᠷᠢᠮᠠᠯ ᠤᠨ ᠵᠦᠢᠯ ᠨᠢ ᠶᠡᠷᠦᠩᠬᠡᠢ  ᠳᠡᠭᠡᠨ ᠲᠥᠮᠥᠰᠥ᠂ ᠨᠡᠷᠡᠨ ᠬᠤᠸᠠᠷ᠂ ᠰᠢᠬᠢᠷ ᠯᠤᠤᠪᠠᠩ᠂ ᠡᠷᠳᠡᠨᠢ ᠰᠢᠰᠢ  ᠪᠠᠷ ᠭᠤᠣᠯᠯᠠᠳᠠᠭ᠃ ᠪᠥᠬᠦ ᠪᠠᠯᠭᠠᠰᠤᠨ ᠤ ᠡᠷᠭᠢᠯᠲᠡ ᠳᠤ ᠣᠷᠣᠭᠤᠯᠤᠭᠰᠠᠨ ᠤᠰᠤᠯᠠᠯᠲᠠ ᠶᠢᠨ ᠲᠠᠯᠠᠪᠠᠶ 6.8 ᠲᠦᠮᠡᠨ ᠮᠦ᠂ ᠲᠥᠮᠥᠰᠥ ᠳᠠᠷᠢᠬᠤ ᠲᠠᠯᠠᠪᠠᠶ 2.7 ᠲᠦᠮᠡᠨ ᠮᠦ᠂ ᠨᠡᠷᠡᠨ ᠬᠤᠸᠠᠷ ᠳᠠᠷᠢᠬᠤ ᠲᠠᠯᠠᠪᠠᠶ 2.99 ᠲᠦᠮᠡᠨ ᠮᠦ᠂ ᠰᠢᠬᠢᠷ ᠯᠤᠤᠪᠠᠩ ᠳᠠᠷᠢᠬᠤ ᠲᠠᠯᠠᠪᠠᠶ 1.03 ᠲᠦᠮᠡᠨ ᠮᠦ  ᠃ ᠲᠡᠵᠢᠬᠡᠨ ᠦᠷᠡᠵᠢᠬᠦᠯᠬᠦ ᠦᠢᠯᠡᠰ ᠨᠢ  ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂  ᠠᠩᠬᠢᠰ ᠬᠠᠷ᠎ᠠ ᠮᠢᠬᠠᠨ ᠤ ᠦᠬᠡᠷ ᠵᠡᠷᠭᠡ ᠪᠠᠷ ᠭᠤᠤᠯᠯᠠᠵᠤ᠂  ᠣᠳᠣᠬᠠᠨ ᠪᠥᠬᠦ ᠪᠠᠯᠭᠠᠰᠤ ᠪᠠᠷ ᠢᠶᠠᠨ 1.75 ᠲᠦᠮᠡᠨ ᠮᠢᠬᠠᠨ  ᠤ ᠦᠬᠡᠷ  ᠂ 1700 ᠰᠠᠭᠠᠯᠢ ᠶᠢᠨ ᠦᠨᠢᠶ᠎ᠡ ᠮᠠᠯᠵᠢᠵᠤ᠂ 954  ᠠᠩᠬᠢᠰ ᠬᠠᠷ᠎ᠠ ᠨᠠᠶᠢᠳᠠᠨ ᠮᠠᠯᠵᠢᠭᠤᠯᠵᠤ ᠪᠣᠶ᠃  ᠪᠠᠯᠭᠠᠰᠤᠨ ᠤ ᠭᠡᠪᠴᠢᠶᠡᠨ ᠳᠤ ᠴᠠᠷᠳᠠᠮᠠᠯ ᠵᠠᠮ 85 ᠺᠢᠯᠣᠮᠧᠲᠷ ᠪᠠᠶᠢᠵᠤ᠂ ᠡᠭᠦᠨ ᠳᠤ ᠺᠠᠩ ᠱᠠᠩ ᠱᠤᠭᠤᠮ᠂ ᠪᠦᠦ ᠪᠠᠢ ᠱᠤᠭᠤᠮ ᠲᠤᠰ ᠪᠠᠯᠭᠠᠰᠤ   ᠪᠠᠷ ᠨᠡᠪᠳᠡᠷᠡᠨ᠎ᠡ᠃ ᠲᠣᠰᠬᠤᠨ ᠳᠤ ᠨᠡᠪᠲᠡᠷᠡᠬᠦ  ᠽᠧᠮᠧᠨ᠋ᠲ ᠵᠠᠮ   ᠤᠨ ᠪᠦᠬᠦ ᠤᠷᠳᠤ  ᠨᠢ 148.4 ᠺᠢᠯᠣᠮᠧᠲᠷ ᠲᠤ ᠬᠦᠷᠴᠦ᠂ ᠲᠣᠰᠬᠤᠨ ᠪᠣᠯᠭᠠᠨ ᠳᠤ ᠽᠧᠮᠧᠨ᠋ᠲ ᠵᠠᠮ ᠨᠡᠪᠳᠡᠷᠡᠵᠡᠢ᠃ 2022 ᠣᠨ ᠳᠤ ᠨᠡᠶᠢᠲᠡ 26 ᠡᠷᠦᠬᠡ 51 ᠬᠥᠮᠥᠨ ᠢ ᠬᠢᠨᠠᠨ ᠬᠡᠮᠵᠢᠬᠦ ᠡᠷᠦᠬᠡ ᠳᠤ ᠤᠷᠤᠭᠤᠯᠵᠤ᠂ 35 ᠡᠷᠦᠬᠡ 70 ᠬᠥᠮᠥᠨ ᠢ ᠲᠦᠭᠰᠢᠭᠦᠷᠢ ᠠᠴᠠ ᠭᠠᠷᠭᠠᠭᠠᠳ᠂  ᠤᠳᠤ  ᠬᠢᠨᠠᠨ ᠰᠢᠯᠭᠠᠬᠤ ᠨᠢᠭᠤᠷᠯᠠᠯ ᠨᠡᠶᠢᠳᠡ 96 ᠡᠷᠦᠬᠡ 165 ᠬᠦᠮᠦᠨ ᠪᠠᠶᠢᠨ᠎ᠠ᠃ 987 ᠲᠦᠮᠡᠨ ᠲᠥᠭᠦᠷᠢᠭ ᠤᠨ ᠵᠤᠯᠭᠠᠭᠤᠯᠬᠤ ᠪᠡᠯᠡ ᠮᠥᠩᠭᠦ ᠶᠢ ᠠᠰᠢᠭᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 5 ᠲᠥᠷᠥᠯ ᠵᠦᠢᠯ ᠢ ᠭᠡᠷᠡᠭᠵᠢᠬᠦᠯᠵᠡᠢ᠃  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠬᠢᠨᠠᠨ ᠲᠣᠭᠲᠠᠭᠠᠯᠲᠠ ᠪᠠᠷ ᠲᠠᠮᠵᠢᠭᠠᠳ᠂ 55 ᠡᠷᠦᠬᠡ ᠶᠢᠨ  ᠨᠤᠷᠠᠬᠤ ᠠᠶᠤᠯᠳᠠᠢ ᠭᠡᠷ ᠪᠠᠶᠢᠰᠢᠩ ᠳᠤ ᠥᠭᠡᠷᠡᠴᠢᠯᠡᠯᠲᠡ ᠬᠢᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号