ᠶᠦᠩ ᠹᠧᠩ ᠪᠠᠯᠭᠠᠰᠤ ᠨᠢ ᠲᠠᠶᠢᠹᠤᠰᠧ ᠬᠤᠰᠢᠭᠤᠨ ᠤ ᠬᠤᠶᠢᠲᠤ ᠪᠡᠶ᠎ᠡ ᠳᠤ ᠪᠠᠶᠢᠷᠢᠯᠠᠵᠤ᠂ ᠵᠡᠭᠦᠨ | ᠲᠠᠯ᠎ᠠ ᠪᠠᠷ ᠢᠶᠠᠨ ᠯᠦᠸᠧ ᠲᠦᠸᠧ ᠱᠠᠨ ᠪᠠᠯᠭᠠᠰᠤ ᠂ ᠵᠡᠭᠦᠨ ᠡᠮᠦᠨᠡᠬᠦᠷ ᠢᠶᠠᠨ ᠴᠢᠶᠠᠨ ᠶᠢᠨ ᠭᠧᠦ ᠪᠠᠯᠭᠠᠰᠤ᠂ | ᠡᠮᠦᠨᠡᠬᠦᠷ ᠢᠶᠠᠨ ᠪᠤᠤᠴᠠᠩ ᠪᠠᠯᠭᠠᠰᠤ ᠂ ᠪᠠᠷᠠᠭᠤᠨ ᠲᠠᠯ᠎ᠠ ᠪᠠᠷ ᠢᠶᠠᠨ ᠬᠤᠩ ᠴᠢ ᠪᠠᠯᠭᠠᠰᠤ᠂ ᠬᠤᠶᠢᠭᠤᠷ ᠢᠶᠠᠨ | ᠰᠢᠯᠤᠭᠤᠨ ᠬᠥᠪᠡᠭᠡᠲᠦ ᠴᠠᠭᠠᠨ ᠬᠤᠰᠢᠭᠤ ᠲᠠᠢ ᠬᠦᠷᠰᠢᠯᠡᠨᠡ᠃ ᠶᠡᠷᠦᠩᠬᠡᠢ ᠲᠠᠯᠠᠪᠠᠢ ᠨᠢ 398 ᠲᠡᠭᠰᠢ ᠳᠥᠷᠪᠡᠯᠵᠢᠨ | ᠺᠢᠯᠤᠮᠥᠲᠷ᠂ 19 ᠵᠠᠰᠠᠭ ᠵᠠᠬᠢᠷᠭᠠᠨ ᠤ ᠲᠣᠰᠬᠤᠨ ᠤ 61 ᠠᠶᠢᠯ ᠬᠤᠳᠠ ᠶᠢ ᠬᠠᠷᠢᠶᠠᠯᠠᠨ᠎ᠠ᠃ ᠣᠶᠢᠲᠤ ᠭᠠᠵᠠᠷ | 24.76 ᠲᠦᠮᠡᠨ ᠮᠦ ︵ᠡᠭᠦᠨ ᠳᠤ ᠲᠠᠷᠢᠶᠠᠯᠠᠬᠤ ᠶᠢ ᠵᠣᠭᠰᠣᠭᠠᠵᠤ ᠠᠮᠢ ᠠᠬᠤᠢ ᠶᠢ ᠰᠡᠷᠬᠦᠬᠡᠬᠦ ᠲᠠᠯᠠᠪᠠᠢ 7.11 | ᠲᠦᠮᠡᠨ ᠮᠦ︶ ᠂ ᠲᠠᠯ᠎ᠠ ᠭᠠᠵᠠᠷ 19.02 ᠲᠦᠮᠡᠨ ᠮᠦ ᠂ ᠲᠠᠷᠢᠶᠠᠨ ᠭᠠᠵᠠᠷ 16.58 ᠲᠦᠮᠡᠨ ᠮᠦ ︵ᠡᠭᠦᠨ | ᠳᠤ ᠤᠰᠤᠯᠠᠯᠲᠠ ᠶᠢᠨ ᠲᠠᠷᠢᠶ᠎ᠠ 8.12 ᠲᠦᠮᠡᠨ ᠮᠦ︶᠃ ᠨᠠᠮ ᠤᠨ ᠡᠭᠦᠷ 20᠂ ᠨᠠᠮ ᠤᠨ ᠭᠡᠰᠢᠭᠦᠨ 548 | ᠬᠥᠮᠥᠨ ︵ᠡᠭᠦᠨ ᠳᠤ ᠪᠠᠶᠢᠭᠤᠯᠭ᠎ᠠ ᠶᠢᠨ ᠨᠠᠮ ᠤᠨ ᠭᠡᠰᠢᠭᠦᠨ 43᠂ ᠲᠠᠷᠢᠶᠠᠴᠢᠨ ᠨᠠᠮ ᠤᠨ ᠭᠡᠰᠢᠭᠦᠨ 505︶ | ᠪᠠᠶᠢᠨ᠎ᠠ᠃ | ᠲᠡᠦᠬᠡ ᠶᠢᠨ ᠤᠯᠠᠷᠢᠯ ᠬᠤᠪᠢᠰᠤᠯ ᠄ 1958 ᠣᠨ ᠳᠤ ᠶᠦᠩ ᠹᠧᠩ ᠠᠷᠠᠳ ᠤᠨ ᠨᠢᠭᠡᠳᠦᠯ | ᠪᠠᠶᠢᠭᠤᠯᠤᠭᠳᠠᠵᠤ ᠂ 1984 ᠣᠨ ᠳᠤ ᠶᠦᠩ ᠹᠧᠩ ᠨᠢᠭᠡᠳᠦᠯ ᠢ ᠬᠠᠰᠤᠭᠠᠳ ᠶᠦᠩ ᠹᠧᠩᠰᠢᠶᠠᠩ ᠭᠡᠵᠦ | ᠬᠠᠯᠠᠪᠠ᠃ 2001 ᠣᠨ ᠳᠤ᠂ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠳᠤ ᠥᠭᠡᠷᠡᠴᠢᠯᠡᠯᠲᠡ ᠬᠢᠬᠦ ᠦᠶᠡᠰ | ᠶᠦᠩ ᠹᠧᠩ ᠰᠢᠶᠠᠩ ᠨᠢ ᠤᠤᠯ ᠤᠨ ᠮᠠ ᠹᠠᠩ ᠽᠢ ᠰᠢᠶᠠᠩ ᠲᠠᠢ ᠨᠡᠶᠢᠯᠡᠭᠡᠳ ᠶᠦᠩ ᠹᠧᠩ ᠪᠠᠯᠭᠠᠰᠤ ᠪᠤᠯᠵᠤ | 2005 ᠣᠨ ᠤ ᠰᠡᠭᠦᠯᠴᠢ ᠪᠠᠷ ᠶᠦᠩ ᠹᠧᠩ ᠪᠠᠯᠭᠠᠰᠤ ᠶᠢ ᠪᠤᠤᠴᠠᠩ ᠪᠠᠯᠭᠠᠰᠤᠨ ᠳᠤ ᠤᠷᠤᠭᠤᠯᠵᠤ 2012 | ᠣᠨ ᠳᠤ ᠶᠦᠩ ᠹᠧᠩ ᠰᠢᠶᠠᠩ ᠪᠣᠯᠣᠨ ᠲᠧᠦ ᡁᠢ ᠵᠢᠶᠠᠨ ᠰᠢᠶᠠᠩ ᠢ ᠨᠡᠶᠢᠯᠡᠭᠦᠯᠦᠭᠡᠳ ᠶᠦᠩ ᠹᠧᠩ ᠪᠠᠯᠭᠠᠰᠤ | ᠪᠤᠯᠭᠠᠵᠠᠢ᠃ | ᠪᠠᠶᠢᠭᠠᠯᠢ ᠠᠬᠤᠢ ᠭᠠᠵᠠᠷ ᠵᠦᠢ ᠄ ᠮᠤᠨᠢ ᠠᠭᠤᠯᠠ ᠶᠢᠨ ᠵᠡᠭᠦᠨ ᠬᠡᠰᠡᠭ ᠲᠤ ᠣᠷᠣᠰᠢᠵᠤ᠂ ᠭᠠᠵᠠᠷ ᠤᠨ | ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ ᠂ ᠳᠤᠮᠳᠠ ᠰᠡᠷᠢᠭᠦᠨ ᠪᠦᠰᠡᠨ ᠤ ᠳᠡᠳ᠋ ᠭᠠᠩ | ᠬᠠᠭᠤᠷᠠᠢ ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠤᠨ ᠳᠤᠮᠳᠠᠴᠢ ᠠᠭᠠᠷ ᠤᠨ | ᠳᠤᠯᠠᠭᠠᠨ ᠨᠢ 2.4℃᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 400 ᠮᠢᠯᠢᠮᠧᠲᠷ ᠣᠷᠴᠢᠮ ᠪᠠᠶᠢᠵᠤ᠂ | ᠬᠢᠷᠠᠭᠤ ᠦᠭᠡᠢ ᠬᠤᠭᠤᠴᠠᠭ᠎ᠠ ᠨᠢ 100 ᠡᠳᠦᠷ ᠣᠷᠴᠢᠮ ᠪᠠᠶᠢᠳᠠᠭ᠃ ᠨᠡᠭᠡᠭᠡᠨ ᠠᠰᠢᠭᠯᠠᠵᠤ ᠪᠣᠯᠬᠤ ᠭᠤᠣᠯ | ᠮᠥᠷᠡᠨ ᠭᠡᠵᠦ ᠪᠠᠶᠢᠬᠤ ᠦᠭᠡᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠶᠡᠷᠦᠩᠬᠡᠢ ᠳᠡᠭᠡᠨ ᠳᠤᠲᠠᠮᠠᠭ | ᠪᠠᠶᠢᠳᠠᠭ᠃ | ᠵᠠᠮ ᠬᠠᠷᠢᠯᠴᠠᠭᠠᠨ ᠤ ᠪᠠᠶᠢᠳᠠᠯ ᠄ ᠵᠠᠮ ᠬᠠᠷᠢᠯᠴᠠᠭ᠎ᠠ ᠲᠥᠬᠦᠮ ᠪᠠᠶᠢᠵᠤ᠂ ᠬᠤᠰᠢᠭᠤ ᠵᠠᠰᠠᠭ ᠤᠨ ᠣᠷᠳᠣᠨ ᠤ | ᠲᠦᠪ ᠪᠤᠤᠴᠠᠩ ᠪᠠᠯᠭᠠᠰᠤ ᠠᠴᠠ ᠵᠡᠭᠦᠨ ᠬᠤᠶᠢᠰᠢ 12.5 ᠺᠢᠯᠣᠮᠧᠲᠷ ᠵᠠᠶᠢᠲᠠᠢ ᠪᠠᠶᠢᠷᠢᠯᠠᠨ᠎ᠠ᠂ ᠬᠦ᠋ ᠬᠠᠢ ᠶᠡᠭᠡ | ᠵᠠᠮ ᠠᠴᠠ 40 ᠺᠢᠯᠣᠮᠧᠲᠷ ᠵᠠᠶᠢᠲᠠᠢ᠂ ︽207︾ ᠤᠯᠤᠰ ᠤᠨ ᠵᠠᠮ ᠂ ︽304 ︾ ᠮᠤᠵᠢ ᠶᠢᠨ ᠵᠠᠮ | ᠲᠤᠰ ᠪᠠᠯᠭᠠᠰᠤ ᠪᠠᠷ ᠦᠩᠭᠡᠷᠡᠨ᠎ᠡ ᠂ 19 ᠲᠣᠰᠬᠤᠨ ᠳᠤ ᠴᠥᠮ ᠽᠧᠮᠧᠨ᠋ᠲ ᠵᠠᠮ ᠨᠡᠪᠳᠡᠷᠡᠵᠡᠢ᠃ | ᠡᠷᠡᠭᠦᠯ ᠬᠠᠮᠠᠭᠠᠯᠠᠯ ᠰᠣᠶᠣᠯ ᠤᠨ ᠦᠢᠯᠡᠰ᠄ ᠵᠢᠵᠢᠭ ᠬᠡᠯᠪᠡᠷᠢ ᠶᠢᠨ ᠰᠤᠶᠤᠯ ᠤᠨ ᠬᠦᠳᠡᠯᠪᠦᠷᠢ ᠶᠢᠨ ᠲᠠᠯᠠᠪᠠᠶ | 20᠂ ᠶᠡᠷᠦᠩᠬᠡᠶᠢᠯᠡᠭᠰᠡᠨ ᠴᠢᠨᠠᠷᠳᠠᠢ ᠰᠣᠶᠣᠯ ᠤᠨ ᠬᠦᠳᠡᠯᠪᠦᠷᠢ ᠶᠢᠨ ᠥᠷᠥᠭᠡ 20᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ 2᠂ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 15 ᠪᠠᠶᠢᠨ᠎ᠠ᠃ | ᠠᠵᠤ ᠠᠬᠤᠢ ᠶᠢᠨ ᠲᠣᠶᠢᠮᠣ ᠪᠠᠶᠢᠳᠠᠯ ᠄ ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠬᠤ ᠠᠵᠤ ᠦᠢᠯᠡᠰ | ᠪᠤᠯᠭᠠᠨ᠎ᠠ᠂ ᠠᠮᠤ ᠪᠤᠳᠠᠭᠠᠨ ᠤ ᠲᠠᠷᠢᠮᠠᠯ ᠳᠤ ᠪᠤᠭᠤᠳᠠᠢ᠂ ᠶᠤᠤᠮᠠᠢ ᠪᠠᠷ ᠭᠤᠣᠯ ᠪᠣᠯᠭᠠᠵᠤ᠂ ᠠᠵᠤ ᠠᠬᠤᠢ ᠶᠢᠨ | ᠲᠠᠷᠢᠮᠠᠯ ᠳᠤ ᠰᠢᠬᠢᠷ ᠯᠤᠤᠪᠠᠩ᠂ ᠲᠥᠮᠥᠰᠥ᠂ ᠨᠡᠷᠡᠨ ᠬᠤᠸᠠᠷ ᠢᠶᠠᠷ ᠭᠤᠣᠯ ᠪᠣᠯᠭᠠᠵᠤ᠂ ᠮᠠᠯ ᠠᠵᠤ ᠠᠬᠤᠢ ᠳᠤ | ᠦᠬᠡᠷ᠂ ᠬᠤᠨᠢ ᠲᠡᠵᠢᠭᠡᠬᠦ ᠪᠠᠷ ᠭᠤᠣᠯ ᠪᠣᠯᠭᠠᠨ᠎ᠠ᠃ 2022 ᠣᠨ ᠳᠤ᠂ ᠪᠥᠬᠦ ᠪᠠᠯᠭᠠᠰᠤᠨ ᠤ ᠲᠠᠷᠢᠮᠠᠯ ᠤᠨ | ᠶᠡᠷᠦᠩᠬᠡᠢ ᠲᠠᠯᠠᠪᠠᠶ 16.58 ᠲᠦᠮᠡᠨ ᠮᠦ ᠳᠤ ᠬᠦᠷᠴᠦ᠂ ᠡᠭᠦᠨ ᠳᠤ ᠠᠮᠤ ᠪᠤᠳᠠᠭᠠᠨ ᠤ ᠲᠠᠷᠢᠮᠠᠯ 10.51 | ᠲᠦᠮᠡᠨ ᠮᠦ ᠂ ᠠᠵᠤ ᠠᠬᠤᠢ ᠶᠢᠨ ᠲᠠᠷᠢᠮᠠᠯ 6.07 ᠲᠦᠮᠡᠨ ᠮᠦ ᠳᠤ ᠬᠦᠷᠴᠡᠢ᠃ ᠮᠠᠯ ᠤᠨ ᠲᠤᠭ᠎ᠠ ᠲᠤᠯᠤᠭᠠᠢ | ᠨᠡᠶᠢᠲᠡ 41274 ᠳᠤ ᠬᠦᠷᠴᠦ᠂ ᠡᠭᠦᠨ ᠳᠤ ᠪᠤᠳᠠ ᠮᠠᠯ 12903 ᠂ ᠪᠣᠭ ᠮᠠᠯ 28371 ︵ ᠬᠤᠨᠢ | 27420 ᠂ ᠭᠠᠭ᠋ᠠᠢ 951︶ ᠪᠠᠶᠢᠨ᠎ᠠ᠃ |