ᠴᠢᠶᠠᠨ ᠶᠢᠨ ᠭᠧᠦ ᠪᠠᠯᠭᠠᠰᠤ ᠨᠢ ᠲᠠᠶᠢᠹᠤᠰᠧ ᠬᠤᠰᠢᠭᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ ᠪᠤᠢ᠂ | ᠶᠡᠷᠦᠩᠬᠡᠢ ᠲᠠᠯᠠᠪᠠᠶ ᠨᠢ 586 ᠲᠡᠭᠰᠢ ᠳᠥᠷᠪᠡᠯᠵᠢᠨ ᠺᠢᠯᠣᠮᠧᠲᠷ ᠂ ᠾᠧᠪᠧᠢ ᠮᠤᠵᠢ ᠶᠢᠨ ᠬᠥ᠋ ᠶᠤᠸᠠᠨ ᠰᠢᠶᠠᠨ ᠲᠠᠢ | ᠵᠠᠬ᠎ᠠ ᠨᠡᠶᠢᠯᠡᠵᠦ᠂ 37 ᠵᠠᠰᠠᠭ ᠵᠠᠬᠢᠷᠭᠠᠨ ᠤ ᠲᠣᠰᠬᠤᠨ᠂ 99 ᠠᠶᠢᠯ ᠲᠣᠰᠬᠤᠨ ᠢ ᠬᠠᠷᠢᠶᠠᠯᠠᠨ᠎ᠠ᠂ ᠶᠡᠷᠦᠩᠬᠡᠢ | ᠬᠥᠮᠥᠨ ᠠᠮᠠ ᠨᠢ 17606 ᠡᠷᠦᠬᠡ 41402 ᠬᠥᠮᠥᠨ ᠂ ᠡᠭᠦᠨ ᠤ ᠳᠣᠲᠣᠷ᠎ᠠ ᠪᠠᠶᠢᠩᠭᠤ ᠰᠠᠭᠤᠭ᠎ᠠ ᠨᠢ | 6021 ᠡᠷᠦᠬᠡ 12055 ᠬᠥᠮᠥᠨ᠂ ᠭᠠᠳᠠᠭᠰᠢ ᠭᠠᠷᠤᠭᠰᠠᠨ ᠨᠢ 11136 ᠡᠷᠦᠬᠡ 27914 ᠬᠥᠮᠥᠨ᠃ | ᠪᠠᠯᠭᠠᠰᠤᠨ ᠳᠤ ᠨᠡᠶᠢᠲᠡ 38 ᠨᠠᠮ ᠤᠨ ᠡᠭᠦᠷ ᠂ 950 ᠨᠠᠮ ᠤᠨ ᠭᠡᠰᠢᠭᠦᠨ ᠲᠠᠢ᠃ | ᠲᠠᠷᠢᠶᠠᠯᠠᠩ ᠮᠠᠯ ᠠᠵᠤ ᠠᠬᠤᠢ ᠪᠠᠷ ᠭᠤᠣᠯᠯᠠᠬᠤ ᠠᠵᠤ ᠦᠢᠯᠡᠰ ᠪᠣᠯᠭᠠᠵᠤ᠂ ᠲᠠᠷᠢᠶᠠᠨ ᠭᠠᠵᠠᠷ ᠤᠨ ᠶᠡᠷᠦᠩᠬᠡᠢ | ᠲᠠᠯᠠᠪᠠᠶ ᠨᠢ 33 ᠲᠦᠮᠡᠨ ᠮᠦ ᠳᠤ ᠬᠦᠷᠴᠦ᠂ ᠡᠭᠦᠨ ᠳᠤ ᠤᠰᠤᠯᠠᠯᠲᠠ ᠶᠢᠨ ᠲᠠᠯᠠᠪᠠᠶ 16 ᠲᠦᠮᠡᠨ ᠮᠦ ᠪᠠᠶᠢᠭ᠎ᠠ᠃ | ᠲᠣᠮᠣ ᠬᠡᠯᠪᠡᠷᠢ ᠶᠢᠨ ᠰᠦᠷᠴᠢᠨ ᠤᠰᠤᠯᠠᠬᠤ ᠲᠣᠭᠤᠷᠢᠭ 115᠂ ᠳᠤᠰᠤᠯᠭᠠᠨ ᠤᠰᠤᠯᠠᠬᠤ ᠲᠣᠭᠤᠷᠢᠭ 39 | ᠪᠠᠶᠢᠵᠤ᠂ ᠭᠤᠣᠯᠳᠠᠭᠤ ᠢᠳᠡᠰᠢᠨ ᠨᠣᠭᠤᠭ᠎ᠠ᠂ ᠲᠥᠮᠥᠰᠥ᠂ ᠥᠨᠳᠥᠷ ᠤᠨᠠᠯᠳᠠᠳᠤ ᠲᠡᠵᠢᠭᠡᠯ ᠪᠣᠷᠳᠤᠭ᠎ᠠ ᠵᠡᠷᠭᠡ ᠶᠢ | ᠲᠠᠷᠢᠵᠤ᠂ ᠬᠠᠭᠤᠷᠠᠢ ᠲᠠᠷᠢᠶᠠᠨ ᠳᠤ ᠭᠤᠣᠯᠳᠠᠭᠤ ᠶᠤᠤᠮᠠᠢ᠂ ᠪᠤᠭᠤᠳᠠᠢ᠂ ᠲᠣᠰᠣᠯᠢᠭ ᠲᠠᠷᠢᠮᠠᠯ ᠳᠠᠷᠢᠳᠠᠭ᠃ ᠪᠥᠬᠦ | ᠪᠠᠯᠭᠠᠰᠤ ᠪᠠᠷ ᠢᠶᠠᠨ 3 ᠲᠦᠮᠡ ᠰᠢᠬᠠᠮ ᠮᠢᠬᠠᠨ ᠤ ᠦᠬᠡᠷ ᠮᠠᠯᠵᠢᠵᠤ᠂ 7000 ᠰᠢᠬᠠᠮ ᠭᠠᠭ᠋ᠠᠢ ᠲᠡᠵᠢᠬᠡᠵᠦ ᠪᠤᠢ᠃ | ᠪᠥᠬᠦ ᠵᠢᠯ ᠳᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ 7᠂ ᠭᠡᠷ ᠪᠦᠯᠢ ᠶᠢᠨ ᠮᠠᠯᠵᠢᠯ ᠤᠨ ᠲᠠᠯᠠᠪᠠᠶ 37 ᠶᠢ | ᠬᠢᠨᠠᠨ ᠵᠦᠪᠰᠢᠶᠡᠷᠡᠬᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠨᠡᠶᠢᠲᠡ 16.5 ᠲᠦᠮᠡᠨ | ᠮᠦ ᠤᠰᠤᠯᠠᠯᠲᠠ ᠶᠢᠨ ᠭᠠᠵᠠᠷ ᠢ ᠨᠡᠭᠡᠭᠡᠨ ᠬᠥᠭᠵᠢᠭᠦᠯᠵᠦ᠂ ᠢᠳᠡᠰᠢᠨ ᠨᠤᠭᠤᠭᠠᠨ ᠤ ᠲᠣᠭᠲᠠᠮᠠᠯ ᠲᠤᠯᠠᠭᠠᠨᠳᠤ | ᠬᠥᠮᠥᠷᠭᠡ 13 ᠰᠠᠭᠤᠷᠢ᠂ ᠲᠥᠮᠥᠰᠥ ᠬᠠᠳᠠᠭᠠᠯᠠᠬᠤ ᠵᠣᠭᠤᠷᠢ 20 ᠂ ᠲᠣᠮᠣ ᠬᠦᠯᠡᠮᠵᠢ 280 ᠂ ᠢᠳᠡᠰᠢᠨ | ᠨᠤᠭᠤᠭᠠᠨ ᠤ ᠠᠷᠠᠯᠵᠢᠶᠠᠨ ᠤ ᠵᠠᠬ᠎ᠠ 5 ᠂ ᠤᠰᠤ ᠪᠠᠷ ᠤᠬᠢᠶᠠᠬᠤ ᠦᠢᠯᠡᠳᠪᠦᠷᠢ ᠶᠢᠨ ᠲᠠᠰᠤᠭ 2 ᠢ ᠪᠠᠶᠢᠭᠤᠯᠪᠠ᠃ | ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ 3 ᠶᠢ ᠪᠠᠶᠢᠭᠤᠯᠵᠤ᠂ 200 ᠰᠠᠭᠤᠷᠢ | ᠨᠡᠶᠢᠲᠡ ᠶᠢᠨ ᠢᠳᠡᠰᠢᠨ ᠨᠣᠭᠤᠭᠠᠨ ᠤ ᠲᠣᠮᠣ ᠬᠦᠯᠡᠮᠵᠢ ᠶᠢ ᠰᠢᠨ᠎ᠡ ᠪᠠᠷ ᠪᠠᠶᠢᠭᠤᠯᠤᠭᠰᠠᠨ ᠪᠦᠭᠡᠳ᠂ ᠳᠡᠭᠡᠳᠦ | ᠱᠠᠲᠤᠨ ᠤ 1020 ᠲᠦᠮᠡᠨ ᠲᠦᠬᠦᠷᠢᠭ ᠤᠨ ᠪᠡᠯᠡ ᠮᠥᠩᠭᠦ ᠶᠢ ᠣᠯᠵᠤ᠂ ᠢᠳᠡᠰᠢᠨ ᠨᠣᠭᠤᠭ᠎ᠠ ᠶᠢ ᠬᠦᠢᠲᠡᠨ ᠢᠶᠠᠷ | ᠬᠠᠳᠠᠭᠠᠯᠠᠬᠤ ᠰᠠᠭᠤᠷᠢᠨ ᠭᠠᠵᠠᠷ 1 ᠶᠢ ᠪᠠᠶᠢᠭᠤᠯᠤᠨ᠂ 1 ᠰᠠᠭᠤᠷᠢ ᠲᠣᠭᠲᠠᠮᠠᠯ ᠲᠤᠯᠠᠭᠠᠨᠳᠤ ᠬᠥᠮᠥᠷᠭᠡ ᠶᠢ ᠲᠠᠰ | ᠳᠡᠪᠰᠢᠭᠦᠯᠦᠨ ᠦᠬᠡᠷᠡᠴᠢᠯᠡᠵᠦ ᠂ 2.5 ᠺᠢᠯᠣᠮᠧᠲᠷ ᠵᠠᠮ ᠢ ᠬᠠᠳᠠᠭᠤᠷᠠᠭᠤᠯᠵᠠᠢ᠃ |