ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ  —  ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/9/20
  9 ᠰᠠᠷ᠎ᠠ ᠶᠢᠨ 19 ᠤ ᠡᠳᠦᠷ᠂ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠷᠪᠠᠨ ᠬᠤᠶᠠᠳᠤᠭᠠᠷ ᠤᠳᠠᠭᠠᠨ ᠤ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠪᠠᠯᠭᠠᠰᠤᠨ ᠤ ᠺᠠᠳ᠋ᠷ ᠲᠠᠩ ᠵᠧ ᠯᠢᠩ ᠠᠴᠠ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠰᠡᠳᠦᠪ ᠢᠶᠠᠷ ᠲᠠᠶᠢᠯᠤᠮᠵᠢ ᠬᠢᠭᠰᠡᠨ ᠤ ᠲᠠᠷᠠᠭ᠎ᠠ ᠤᠳᠤᠷᠢᠳᠬᠤ ᠪᠠᠭ ᠤᠨ ᠭᠡᠰᠢᠬᠦᠳ ︽ᠥᠭᠡᠷᠡᠴᠢᠯᠡᠯᠲᠡ ᠶᠢ ᠪᠦᠬᠦ ᠲᠠᠯ᠎ᠠ ᠪᠠᠷ ᠴᠢᠨᠠᠭᠰᠢᠳᠠ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠭᠦᠨᠵᠡᠭᠡᠶ ᠰᠤᠷᠤᠯᠴᠠᠵᠤ᠂ ᠰᠤᠷᠤᠯᠴᠠᠯᠭ᠎ᠠ ᠶᠢᠨ ᠤᠯᠤᠯᠳᠠ ᠲᠥᠷᠥᠭᠳᠡᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠲᠤᠰᠬᠠᠶ ᠰᠡᠳᠦᠪ ᠢᠶᠠᠷ ᠶᠠᠷᠢᠶ᠎ᠠ ᠢᠯᠡᠳᠬᠡᠯ ᠬᠢᠵᠡᠢ᠃ ᠬᠤᠷᠠᠯ ᠠᠴᠠ᠂ ᠨᠢᠭᠡ ᠳᠤ ᠨᠡᠪᠲᠡᠷᠡᠲᠡᠯ᠎ᠡ ᠣᠶᠢᠯᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠵᠦ᠂ ᠰᠤᠷᠤᠯᠴᠠᠬᠤ ᠠᠷᠭ᠎ᠠ ᠬᠡᠯᠪᠡᠷᠢ ᠪᠠᠨ ᠭᠦᠨᠵᠡᠭᠡᠶᠢᠷᠡᠭᠦᠯᠵᠦ᠂ ᠪᠦᠬᠦᠳᠡ ᠬᠤᠷᠠᠯ ᠤᠨ ᠴᠠᠭ ᠦᠶ᠎ᠡ ᠶᠢ ᠵᠠᠭᠠᠭᠯᠠᠭᠰᠠᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠢ ᠣᠶᠢᠯᠠᠭᠠᠬᠤ ᠬᠡᠷᠡᠭᠲᠡᠢ᠃ ᠬᠤᠶᠠᠷ ᠲᠤ ᠭᠤᠣᠯ ᠡᠬᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠡᠭᠦᠷᠭᠡ ᠶᠢ ᠲᠤᠳᠤᠷᠬᠠᠶᠢᠯᠠᠨ᠂ ᠰᠡᠳᠬᠢᠴᠡ ᠪᠠᠨ ᠰᠢᠯᠤᠭᠤᠳᠬᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠬᠥᠭᠵᠢᠯᠲᠡ ᠶᠢ ᠰᠠᠶᠢᠲᠤᠷ ᠠᠳᠬᠤᠨ᠂ ᠦᠨᠡᠨᠬᠦ ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂  ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢᠶᠠᠷ ᠠᠷᠠᠳ ᠲᠦᠮᠡᠨ ᠳᠤ ᠠᠰᠢᠭ ᠬᠦᠷᠲᠡᠭᠡᠬᠦ ᠬᠡᠷᠡᠭᠲᠡᠢ᠃ ᠭᠤᠷᠪᠠ ᠳᠤ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠳᠡᠭᠡᠳᠦ ᠬᠡᠮᠵᠢᠶᠡᠨ ᠤ ᠬᠠᠷᠢᠭᠤᠴᠠᠯᠭᠠᠳᠤ ᠰᠡᠳᠬᠢᠯᠭᠡ ᠪᠠᠷ ᠥᠭᠡᠷᠡᠴᠢᠯᠡᠯᠲᠡ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠯᠤᠰ ᠬᠡᠳᠤ ᠶᠢᠨ ᠲᠣᠭᠲᠠᠭᠤᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号