ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠶ᠎ᠠ  — ᠴᠢᠶᠠᠨ ᠶᠢᠨ ᠭᠸᠤ ᠪᠠᠯᠭᠠᠰᠤᠨ ᠤ ᠬᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠭᠰᠠᠨ
ᠨᠡᠶᠢᠲᠡᠯᠡᠭᠰᠡᠨ ᠴᠠᠭ᠄
2024/9/20
  ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 9 ᠰᠠᠷ᠎ᠠ ᠶᠢᠨ 19 ᠤ ᠡᠳᠦᠷ ᠴᠢᠶᠠᠨ ᠶᠢᠨ ᠭᠸᠤ ᠪᠠᠯᠭᠠᠰᠤᠨ ᠤ ᠨᠠᠮ ᠤᠨ  ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2024 ᠣᠨ ᠤ 20 ᠳ᠋ᠤᠭᠠᠷ ᠤᠳᠠᠭᠠᠨ  ᠤ ᠬᠠᠮᠳᠤ ᠶᠢᠨ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢ ᠰᠤᠷᠤᠯᠴᠠᠭᠰᠠᠨ ᠪᠦᠭᠡᠳ ᠰᠤᠷᠤᠯᠴᠠᠯᠭ᠎ᠠ ᠶᠢᠨ ᠲᠥᠷᠥᠭᠳᠡᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ ᠰᠤᠳᠤᠯᠤᠨ ᠶᠠᠷᠢᠯᠴᠠᠵᠠᠢ᠃ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ  ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠠᠶᠢᠵᠤ᠂ ᠪᠢᠳᠡᠨ ᠤ ᠴᠠᠭ ᠦᠶ᠎ᠡ ᠶᠢᠨ ᠬᠥᠭᠵᠢᠯᠲᠡ ᠶᠢᠨ ᠪᠠᠶᠢᠳᠠᠯ ᠢ ᠡᠵᠡᠮᠳᠡᠬᠦ᠂ ᠡᠯ᠎ᠡ ᠲᠦᠷᠦᠯ ᠤᠨ ᠦᠢᠯᠡᠰ ᠢᠶᠠᠨ ᠲᠠᠰᠤᠷᠠᠯᠳᠠ ᠦᠭᠡᠢ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃  ᠡᠷᠭᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠳᠤᠷ ᠠᠳᠬᠤᠨ᠂ ᠲᠦᠷᠢᠮ ᠤᠨ ᠰᠢᠨᠡᠴᠢᠯᠡᠯᠳᠡ ᠪᠠ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠨᠡᠩ ᠡᠷᠡᠰ ᠪᠠᠲᠤ ᠢᠲᠡᠭᠡᠯ ᠵᠣᠷᠢᠭ ᠢᠶᠠᠷ ᠥᠭᠡᠷᠡᠴᠢᠯᠡᠯᠲᠡ ᠶᠢᠨ ᠦᠢᠯᠡᠳᠦᠯᠭᠡ ᠳᠤ ᠣᠷᠣᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠬᠦᠴᠢᠷ ᠠᠴᠠ ᠠᠶᠤᠬᠤ ᠦᠭᠡᠢ᠂ ᠥᠷᠢᠰᠥᠯᠳᠦᠭᠡᠨ ᠠᠴᠠ ᠠᠶᠤᠬᠤ ᠦᠭᠡᠢ ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠲᠦᠷᠦᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠳᠠᠯ ᠢᠶᠠᠷ ᠴᠢᠶᠠᠨ ᠶᠢᠨ ᠭᠸᠤ ᠪᠠᠯᠭᠠᠰᠤᠨ ᠤ ᠡᠯ᠎ᠡ ᠲᠦᠷᠦᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号